ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠤᠯᠠᠨ | ᠲᠦᠮᠡᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ | ᠪᠷᠦ᠋ᠼᠧᠯ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠴᠢᠨᠳᠠᠮᠤᠨᠢ ᠰᠤᠮᠤ ︽ᠬᠤᠪᠢ | ᠬᠥᠮᠥᠨ ᠤ ᠰᠡᠷᠭᠡᠶᠢᠯᠡᠯᠲᠡ ᠶᠢ ᠴᠢᠩᠭᠠᠳᠬᠠᠵᠤ ᠪᠷᠦ᠋ᠼᠧᠯ ᠡᠪᠡᠳᠴᠢᠨ ᠢ ᠢᠳᠡᠪᠬᠢᠲᠡᠢ ᠰᠡᠷᠭᠡᠶᠢᠯᠡᠬᠦ︾ | ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠦᠨᠳᠡᠯᠡᠨ ᠪᠢᠴᠢᠭᠡᠰᠦ ᠡᠯᠭᠦᠬᠦ᠂ | ᠲᠠᠵᠢᠭᠡᠪᠤᠷᠢ ᠶᠢᠨ ᠡᠷᠦᠬᠡ ᠶᠢ ᠰᠤᠷᠪᠤᠯᠵᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠠᠬᠤᠢ | ᠲᠠᠯᠠᠪᠤᠷ ᠲᠤ ᠲᠠᠶᠢᠯᠤᠮᠵᠢ ᠬᠢᠬᠦ ᠪᠠ ᠵᠢᠯᠤᠭᠤᠳᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠡᠵᠢᠭᠡᠪᠤᠷᠢ ᠶᠢᠨ | ᠡᠷᠦᠬᠡ ᠳᠤ ᠬᠦᠷᠴᠤ ᠪᠷᠦ᠋ᠼᠧᠯ ᠡᠪᠡᠳᠴᠢᠨ ᠤ ᠡᠮᠴᠢᠯᠡᠭᠡᠨ ᠤ ᠢᠯᠡᠷᠡᠯ᠂ ᠬᠠᠯᠳᠠᠪᠤᠷᠢᠯᠠᠬᠤ ᠠᠷᠭ᠎ᠠ ᠵᠠᠮ᠂ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ | ᠮᠡᠨᠳᠦ ᠶᠢᠨ ᠦᠶᠯᠡ ᠠᠵᠢᠯᠯᠠᠭ᠎ᠠ ᠶᠢ ᠬᠥᠮᠥᠵᠢᠭᠦᠯᠬᠦ ᠶᠢᠨ ᠴᠢᠬᠤᠯᠠ ᠴᠢᠨᠠᠷ ᠢ ᠴᠢᠩᠭᠠᠳᠬᠠᠵᠦ᠂ ᠡᠷᠡᠭᠦᠯ ᠪᠤᠰᠤ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠵᠢᠴᠢ ︽ᠡᠷᠲᠡ ᠢᠯᠡᠷᠡᠭᠦᠯᠵᠦ᠂ ᠡᠷᠲᠡ | ᠣᠨᠣᠰᠢᠯᠠᠵᠤ᠂ ᠡᠷᠲᠡ ᠡᠮᠨᠡᠨ ᠵᠠᠰᠠᠬᠤ︾ ᠡᠪᠡᠳᠴᠢᠨ ᠰᠡᠷᠭᠡᠶᠢᠯᠡᠬᠦ ᠦᠵᠡᠯ ᠤᠬᠠᠮᠰᠠᠷ ᠪᠠ ᠣᠶᠢᠯᠠᠭᠠᠭᠳᠠᠬᠤᠨ ᠢ ᠪᠤᠢ | ᠪᠤᠯᠭᠠᠪᠠ᠃ | | | |