ᠳ᠋ᠢᠩ ᡁᠢ ᠭᠠᠩ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠵᠢᠶᠠᠱᠠᠨ ᠰᠢᠶᠠᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/6/1
     5 ᠰᠠᠷ᠎ᠠ ᠶᠢᠨ 31 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠢᠩ ᡁᠢ ᠭᠠᠩ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠥᠮᠥᠨ ᠤ ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠭᠠᠭᠤᠯᠤᠨ᠂ ᠵᠧᠵᠢᠶᠠᠩ ᠮᠤᠵᠢ ᠶᠢᠨ ᠵᠢᠶᠠᠱᠠᠨ ᠰᠢᠶᠠᠨ ᠤ ᠶᠣᠣ ᠵᠤᠸᠠᠩ ᠪᠠᠯᠭᠠᠰᠤᠨ ᠤ ᠲᠤᠭᠠᠳᠤ ᠡᠵᠡᠮᠳᠡᠯ ᠤᠨ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠨᠠᠰᠤᠨ ᠳᠤ ᠬᠦᠷᠦᠭᠰᠡᠳ ᠤᠨ ᠰᠣᠶᠣᠯ ᠮᠡᠷᠭᠡᠵᠢᠯ ᠤᠨ ᠰᠤᠷᠭᠠᠭᠤᠯᠢ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ ᠶᠠᠷᠢᠯᠴᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠣᠣ ᠵᠤᠸᠠᠩ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ᠂ ᠠᠵᠤ ᠦᠢᠯᠡᠰ ᠤᠨ ᠤᠷ᠎ᠠ ᠮᠡᠷᠭᠡᠵᠢᠯ ᠤᠨ ᠠᠵᠢᠯᠴᠢᠨ ᠢ ᠪᠣᠯᠪᠠᠰᠤᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠪᠠ᠃     
微信图片_20230601100727.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号