ᠤᠮᠠᠷᠠᠲᠤ ᠬᠢᠯᠢ ᠶᠢᠨ ᠬᠥᠬᠡ ᠪᠠᠮᠪᠠᠢ · ᠭᠠᠯ ᠤᠨᠲᠠᠷᠠᠭᠠᠬᠤ ᠠᠮᠤᠷ ᠲᠦᠪᠰᠢᠨ ᠤ ᠲᠠᠪᠤᠳᠠᠭᠢ ᠰᠣᠯᠪᠢᠴᠠᠨ ᠪᠠᠶᠢᠴᠠᠭᠠᠬᠤ ᠬᠠᠷᠢᠯᠴᠠᠨ ᠪᠠᠶᠢᠴᠠᠭᠠᠬᠤ ᠠᠵᠢᠯ ᠤᠨ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ ᠰᠣᠯᠪᠢᠴᠠᠨ ᠪᠠᠶᠢᠴᠠᠭᠠᠬᠤ ᠬᠠᠷᠢᠯᠴᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/6/1
    5 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠤᠮᠠᠷᠠᠲᠤ ᠬᠢᠯᠢ ᠶᠢᠨ ᠬᠥᠬᠡ ᠪᠠᠮᠪᠠᠢ · ᠭᠠᠯ ᠤᠨᠲᠠᠷᠠᠭᠠᠬᠤ ᠠᠮᠤᠷ ᠲᠦᠪᠰᠢᠨ ᠤ ᠰᠣᠯᠪᠢᠴᠠᠨ ᠪᠠᠶᠢᠴᠠᠭᠠᠬᠤ ᠬᠠᠷᠢᠯᠴᠠᠨ ᠪᠠᠶᠢᠴᠠᠭᠠᠬᠤ ᠠᠵᠢᠯ ᠤᠨ ᠲᠠᠪᠤᠳᠤᠭᠠᠷ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠪᠤᠭᠤᠲᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ ᠮᠢᠶᠣᠣ ᠶᠦᠩ ᠸᠠᠩ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠣᠯᠪᠢᠴᠠᠨ ᠪᠠᠶᠢᠴᠠᠭᠠᠬᠤ ᠬᠠᠷᠢᠯᠴᠠᠨ ᠪᠠᠶᠢᠴᠠᠭᠠᠬᠤ ᠠᠵᠢᠯ ᠥᠷᠨᠢᠭᠦᠯᠪᠡ᠃ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃     
微信图片_20230601100740.jpg
    ᠮᠢᠶᠣᠣ ᠶᠦᠩ ᠸᠠᠩ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠬᠤᠰᠢᠭᠤᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠰᠢᠨ ᠲᠢᠶᠠᠨ ᠳ᠋ᠢ ᠬᠤᠳᠠᠯᠳᠤᠭᠠᠨ ᠤ ᠲᠥᠪ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠭᠰᠡᠨ ᠪᠥᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃
微信图片_20230601100735.jpg
    ᠠᠵᠢᠯᠯᠠᠬᠤ ᠳᠤᠭᠤᠶᠢᠯᠠᠩ ᠬᠢᠨ ᠱᠠᠭᠠᠷᠳᠠᠭᠰᠠᠨ ᠨᠢ᠂ ᠵᠠᠷᠤᠳ ᠬᠤᠰᠢᠭᠤᠨ ᠤ ᠬᠢᠨ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠭᠦ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ ᠭᠠᠯ ᠤᠨᠲᠠᠷᠠᠭᠠᠬᠤ ᠠᠮᠤᠷ ᠲᠦᠪᠰᠢᠨ ᠤ ᠲᠠᠯᠳᠠ ᠭᠡᠮ ᠢ ᠴᠡᠭᠴᠡᠯᠡᠨ ᠵᠠᠰᠠᠵᠤ᠂ ᠡᠯ᠎ᠡ ᠵᠦᠢᠯ ᠤᠨ ᠰᠡᠷᠭᠡᠶᠢᠯᠡᠬᠦ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠭᠠᠵᠠᠷ ᠤᠨ ᠬᠦᠨᠳᠦ ᠶᠡᠭᠡ ᠭᠠᠯ ᠤᠨᠲᠠᠷᠠᠭᠠᠬᠤ ᠠᠮᠤᠷ ᠲᠦᠪᠰᠢᠨ ᠤ ᠲᠠᠯᠳᠠ ᠭᠡᠮ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ᠬᠠᠷᠢᠯᠴᠠᠨ ᠪᠠᠶᠢᠴᠠᠭᠠᠬᠤ᠂ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠳᠠᠯᠳᠠ ᠭᠡᠮ ᠤᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ︽ᠡᠷᠭᠢᠵᠦ ᠬᠠᠷᠠᠬᠤ︾ ᠠᠵᠢᠯ ᠢ ᠥᠷᠨᠢᠭᠦᠯᠵᠦ᠂ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠬᠤ ᠬᠡᠷᠡᠭᠲᠡᠢ︔ ᠬᠠᠷᠢᠯᠴᠠᠨ ᠪᠠᠶᠢᠴᠠᠭᠠᠬᠤ ᠲᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠂ ᠬᠦᠴᠢᠷ ᠲᠠᠢ ᠠᠵᠢᠯ ᠳᠤ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠢᠨ ᠠᠩᠬᠠᠷᠴᠤ ᠲᠡᠮᠵᠢᠵᠦ ᠢᠳᠡᠪᠬᠢᠲᠡᠢ ᠵᠣᠬᠢᠴᠠᠭᠤᠯᠵᠤ᠂ ᠭᠠᠯ ᠤᠨᠲᠠᠷᠠᠭᠠᠬᠤ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠠᠰᠠᠭᠤᠳᠠᠯ ᠢ ᠵᠣᠬᠢᠴᠠᠭᠤᠯᠬᠤ ᠶᠢ ᠬᠦᠴᠦᠲᠡᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号