| 5 ᠰᠠᠷ᠎ᠠ ᠶᠢᠨ 23 ᠤ ᠡᠳᠦᠷ᠂ ᠵᠠᠷᠤᠳ ᠬᠤᠰᠢᠭᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ | ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠬᠢᠵᠦ᠂ ᠪᠥᠬᠦ ᠬᠤᠰᠢᠭᠤᠨ ᠤ | ᠪᠠᠷᠢᠯᠭ᠎ᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠳᠤ ᠪᠠᠶᠢᠷᠢᠯᠠᠭᠤᠯᠤᠯᠲᠠ | ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠤᠨ ᠲᠠᠰᠤᠭ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠬᠤᠷᠠᠯ ᠳᠤ ᠤᠷᠣᠯᠴᠠᠪᠠ᠃ | | | ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ 2023 ᠣᠨ ᠤ ᠪᠥᠬᠦ ᠬᠤᠲᠠ ᠶᠢᠨ ᠪᠠᠷᠢᠯᠭ᠎ᠠ ᠶᠢᠨ ᠵᠠᠬ᠎ᠠ ᠳᠡᠯᠭᠡᠭᠦᠷ ᠵᠢᠴᠢ ᠪᠠᠷᠢᠯᠭ᠎ᠠ ᠶᠢᠨ ᠶᠠᠰᠤ | ᠴᠢᠨᠠᠷ ᠤᠨ ᠠᠮᠤᠷ ᠲᠦᠪᠰᠢᠨ ᠤ ᠠᠵᠢᠯ ᠤᠨ ᠸᠢᠳᠢᠤ᠋ ᠬᠤᠷᠠᠯ ᠪᠠ ᠲᠦᠩᠯᠢᠶᠣᠣ ᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠪᠥᠬᠦ ᠣᠷᠣᠨ ᠤ ᠠᠮᠤᠷ ᠲᠦᠪᠰᠢᠨ ᠤ ᠳᠠᠯᠲᠠ ᠭᠡᠮ ᠢ ᠶᠡᠭᠡ ᠪᠠᠷ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠳᠣᠮᠲᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠸᠢᠳᠢᠤ᠋ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ | ᠵᠠᠷᠤᠳ ᠬᠤᠰᠢᠭᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠵᠠᠷᠯᠠᠨ | ᠮᠡᠳᠡᠭᠳᠡᠪᠡ᠃ | ᠯᠢᠦ ᠶᠣᠤ ᠱᠠᠭᠠᠷᠳᠠᠭᠰᠠᠨ ᠨᠢ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠷᠢ | ᠲᠦᠪᠰᠢᠨ ᠢ ᠴᠢᠩᠭᠠᠳᠬᠠᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠣᠷᠴᠢᠨ ᠨᠦᠬᠦᠴᠡᠯ ᠢ | ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠠᠷᠢᠯᠭ᠎ᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ︽ᠨᠢᠭᠡ ᠪᠠᠶᠢᠷᠢ ᠬᠤᠣᠰ | ᠬᠠᠷᠢᠭᠤᠴᠠᠯᠭ᠎ᠠ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠪᠠ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠨ | ᠪᠣᠲᠠᠲᠠᠢ ᠠᠳᠬᠤᠬᠤ ᠬᠡᠷᠡᠭᠲᠡᠢ᠃ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠵᠦ ᠪᠠᠶᠢᠴᠠᠭᠠᠬᠤ ᠶᠢ ᠴᠢᠩᠳᠠᠯᠠᠵᠤ᠂ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ | ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠥᠭᠡᠷᠡᠴᠢᠯᠡᠯᠲᠡ ᠬᠥᠭᠵᠢᠯᠲᠡ ᠳᠤ ᠬᠦᠴᠦᠲᠡᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ᠃ | ᠪᠠᠷᠢᠯᠭ᠎ᠠ ᠶᠢᠨ ᠠᠵᠢᠯ᠂ ᠰᠢᠲᠠᠮᠠᠬᠠᠢ ᠬᠡᠢ ᠢᠯᠴᠢ ᠬᠠᠩᠭᠠᠬᠤ᠂ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠪᠡᠯᠡᠳᠬᠡᠮᠵᠢ ᠶᠢᠨ ᠠᠵᠢᠯᠯᠠᠭᠠᠨ᠂ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠵᠢᠴᠢ | ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠵᠤ᠂ ᠠᠮᠤᠷ ᠲᠦᠪᠰᠢᠨ ᠤ | ᠳᠠᠯᠳᠠ ᠬᠡᠮ ᠢ ᠪᠥᠬᠦ ᠲᠠᠯ᠎ᠠ ᠪᠠᠷ᠂ ᠲᠤᠶᠢᠯᠪᠤᠷᠢᠲᠠᠢ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ | ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠠᠳᠡᠯ ᠢᠯᠠᠩᠭᠤᠶ᠎ᠠ | ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠪᠠᠷᠢᠯᠭ᠎ᠠ ᠶᠢᠨ ᠶᠠᠰᠤ | ᠴᠢᠨᠠᠷ ᠢ ᠨᠠᠰᠤᠨ ᠲᠤᠷᠰᠢᠲᠠ ᠡᠷᠢᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ | ᠶᠠᠰᠤ ᠴᠢᠨᠠᠷ ᠤᠨ ᠪᠠᠷᠢᠮᠵᠢᠶᠠᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠥᠬᠦ ᠶᠠᠪᠤᠴᠠ ᠳᠠᠬᠢ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠢᠨᠠᠯᠲᠠ ᠬᠠᠮᠢᠶᠠᠷᠣᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | | | |