ᠵᠢᠷᠤᠭᠡ ᠪᠠᠯᠭᠠᠰᠤ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠪᠠ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/12
     ᠣᠶᠢᠷ᠎ᠠ ᠳᠤ᠂ ᠵᠢᠷᠤᠭᠡ ᠪᠠᠯᠭᠠᠰᠤ ᠬᠦᠨᠳᠦ ᠶᠡᠭᠡ ᠠᠳᠡᠯ ᠤᠨ ᠭᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠪᠠ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢ ᠬᠠᠷᠢᠯᠴᠠᠨ ᠤᠶᠠᠯᠳᠤᠭᠤᠯᠵᠤ᠂ ᠬᠠᠷᠢᠶ᠎ᠠ ᠣᠷᠣᠨ ᠤ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠬᠡᠪᠢᠰ ᠡᠪᠬᠢᠬᠦ ᠮᠠᠶ᠋ᠢᠭ ᠤᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ᠃ ᠡᠭᠦᠨ ᠤ ᠵᠡᠷᠭᠡᠴᠡᠭᠡᠪᠡᠷ ᠪᠠᠰᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠲᠠᠳ ᠤᠨ ᠴᠠᠬᠢᠯᠭᠠᠨ ᠬᠡᠷᠡᠭᠯᠡᠵᠦ ᠭᠠᠯ ᠢ ᠰᠡᠷᠭᠡᠶᠢᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠢ ᠦᠢᠯᠡᠳᠪᠦᠷᠢᠯᠡᠯ ᠤᠨ ᠬᠠᠤᠯᠢ  ᠲᠣᠭᠲᠠᠭᠠᠯ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠲᠠᠯ᠎ᠠ ᠪᠠᠷ ᠤᠬᠠᠭᠤᠯᠭ᠎ᠠ ᠬᠢᠪᠡ᠃      
微信图片_20230612101607.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号