| 6 ᠰᠠᠷ᠎ᠠ ᠶᠢᠨ 10 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠦᠯᠬᠦᠮ ᠳᠠᠭᠠᠭᠤᠯᠤᠨ ᠯᠦᠪᠧᠢ ᠪᠠᠯᠭᠠᠰᠤᠨ ᠳᠤ ᠬᠦᠷᠴᠦ ᠬᠤᠲᠠ ᠶᠢᠨ ᠲᠣᠭᠤᠷᠢᠭ ᠤᠨ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠠᠬᠤᠢ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ᠂ ᠠᠬᠤᠢ ᠲᠠᠯᠠᠪᠠᠢ ᠳᠤ ᠠᠵᠢᠯᠯᠠᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠪᠠ᠃ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠯᠢ ᠢᠦᠢ ᠹᠦ᠋᠂ ᠶᠣᠣ ᠼᠠᠢ ᠶᠠᠨ᠂ ᠮᠦ ᠲᠢᠶᠧ | ᠮᠢᠨ᠂ ᠭᠦᠸᠧ ᠶᠠ ᠹᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠯᠦᠪᠸᠢ ᠪᠠᠯᠭᠠᠰᠤᠨ ᠤ ᠬᠤᠶᠢᠲᠤ ᠭᠠᠷᠬᠤ | ᠵᠠᠮ᠂ ᠬᠤᠶᠢᠲᠤ ᠲᠠᠷᠢᠶᠠᠯᠠᠩ ᠤᠨ ᠲᠠᠯᠠᠪᠠᠢ ᠲᠣᠰᠬᠤᠨ ᠤ ᠡᠷᠬᠢᠨ ᠲᠣᠭᠤᠷᠢᠨ ᠤ ᠮᠠᠰᠢᠨ ᠲᠡᠷᠭᠡ ᠰᠡᠯᠪᠢᠨ ᠵᠠᠰᠠᠬᠤ | ᠳᠡᠯᠭᠡᠭᠦᠷ᠂ ᠯᠦᠪᠸᠢ ᠡᠮᠦᠨ᠎ᠡ ᠰᠦᠢᠳᠬᠡᠯ ᠬᠤᠷᠢᠶᠠᠬᠤ ᠦᠷᠳᠡᠭᠡ᠂ ᠳ᠋ᠦᠩ ᠰᠢᠩ ᠲᠣᠰᠬᠤᠨ᠂ ᠰᠤᠷᠭᠠᠨ | ᠬᠥᠮᠦᠵᠢᠯ ᠤᠨ ᠲᠣᠭᠤᠷᠢᠭ᠂ ᠴᠠᠩ ᠹᠧᠩ ᠵᠣᠴᠢᠳ ᠤᠨ ᠪᠠᠭᠤᠳᠠᠯ᠂ ᠪᠧᠢ ᠱᠠ ᠪᠦᠦ ᠵᠡᠷᠭᠡ ᠭᠠᠵᠠᠷ ᠲᠤ ᠬᠦᠷᠴᠦ᠂ | ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠨᠣᠭᠤᠭᠠᠷᠠᠭᠤᠯᠤᠯᠲᠠ ᠦᠵᠡᠮᠵᠢ᠂ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ᠂ ᠬᠤᠲᠠ ᠶᠢᠨ ᠳᠦᠷᠰᠦ ᠲᠥᠷᠬᠦ᠂ ᠬᠤᠲᠠ ᠶᠢᠨ ᠲᠣᠭᠤᠷᠢᠭ ᠤᠨ ᠬᠠᠤᠯᠢ ᠠᠴᠠ | ᠵᠦᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠨ ᠴᠢᠳᠬᠤᠭᠰᠠᠨ ᠵᠡᠷᠭᠡ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠠᠬᠤᠢ | ᠲᠠᠯᠠᠪᠠᠢ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠯᠤᠭ᠎ᠠ ᠵᠦᠢᠯ ᠳᠠᠷᠠᠭᠠᠯᠠᠨ ᠵᠠᠳᠠᠯᠤᠯᠲᠠ | ᠬᠢᠵᠦ᠂ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠬᠡᠷᠡᠭᠲᠡᠢ ᠭᠡᠪᠡ᠃ | | | ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠬᠤᠳᠠ ᠶᠢᠨ ᠲᠣᠭᠤᠷᠢᠭ ᠤᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠨᠢ ᠬᠤᠳᠠ ᠶᠢᠨ ᠳᠦᠷᠢ ᠲᠥᠷᠬᠦ ᠪᠣᠯᠣᠨ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ | ᠲᠤᠭ᠎ᠠ ᠲᠠᠢ ᠬᠤᠯᠪᠣᠭᠳᠠᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ | ᠵᠡᠷᠭᠡᠪᠡᠷ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ | ᠬᠢᠵᠦ᠂ ᠪᠠᠭ᠎ᠠ ᠲᠠᠯ᠎ᠠ ᠠᠴᠠ ᠭᠠᠷᠳᠠᠨ ᠬᠢᠵᠦ᠂ ᠪᠠᠶᠢᠷᠢᠰᠢᠯ ᠨᠢ ᠵᠣᠬᠢᠰᠲᠠᠢ᠂ ᠴᠡᠪᠡᠷ ᠴᠡᠮᠴᠡᠭᠡᠷ ᠬᠤᠳᠠ ᠶᠢᠨ | ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠵᠤ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ | ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃ | | | ᠱᠤᠤ ᠶᠠᠨ ᠵᠢᠶᠦ᠋ᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠬᠤᠳᠠ ᠶᠢᠨ ᠬᠠᠮᠢᠶᠠᠷᠤᠯᠲᠠ ᠪᠣᠯᠣᠨ ᠡᠵᠡᠩᠨᠡᠯᠲᠡ ᠪᠠᠨ ᠴᠢᠩᠭᠠᠳᠬᠠᠵᠤ᠂ | ᠬᠤᠳᠠ ᠶᠢᠨ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ᠂ ᠬᠤᠳᠠ ᠶᠢᠨ ᠳᠦᠷᠰᠦ ᠲᠥᠷᠬᠦ ᠶᠢ ᠦᠵᠡᠰᠬᠦᠯᠡᠩᠲᠦ ᠰᠠᠶᠢᠬᠠᠨ ᠨᠣᠭᠤᠭᠠᠷᠠᠭᠤᠯᠬᠤ᠂ ᠬᠤᠳᠠ ᠶᠢᠨ | ᠲᠣᠭᠤᠷᠢᠭ ᠤᠨ ᠬᠠᠤᠯᠢ ᠶᠢ ᠵᠦᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ | ᠵᠢᠴᠢ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠴᠡᠭᠴᠡᠯᠡᠨ ᠵᠠᠰᠠᠬᠤ | ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ | ᠢᠯᠡᠷᠡᠭᠰᠡᠨ ᠠᠰᠠᠭᠤᠳᠠᠯ ᠳᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠨᠡᠨᠬᠦ ᠶᠠᠪᠤᠭᠳᠠᠭᠤᠰᠢᠲᠠᠢ ᠠᠷᠭ᠎ᠠ | ᠬᠡᠮᠵᠢᠶ᠎ᠡ ᠠᠪᠴᠤ᠂ ᠬᠤᠳᠠ ᠶᠢᠨ ᠲᠣᠭᠤᠷᠢᠭ ᠤᠨ ᠬᠠᠮᠢᠶᠠᠷᠤᠯᠲᠠ ᠶᠢᠨ ᠶᠠᠪᠤᠴᠠ ᠳᠠᠬᠢ ︽ᠬᠦᠴᠢᠷᠳᠡᠯ︾ ︽ | ᠡᠪᠡᠷᠰᠢᠶᠡᠯ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠣᠷᠣᠨ ᠰᠠᠭᠤᠴᠠ ᠶᠢᠨ ᠣᠷᠴᠢᠨ | ᠲᠣᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠴᠠᠭᠳᠠᠨ ᠪᠠᠶᠢᠴᠠᠭᠠᠬᠤ ᠳᠠᠪᠲᠠᠮᠵᠢ ᠪᠠᠨ ᠨᠡᠮᠡᠭᠳᠡᠭᠦᠯᠵᠦ᠂ ᠡᠯ᠎ᠡ ᠵᠦᠢᠯ ᠤᠨ | ᠱᠠᠭᠠᠷᠳᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠ ᠶᠢᠨ ᠲᠣᠭᠤᠷᠢᠭ ᠤᠨ | ᠣᠷᠴᠢᠨ ᠲᠣᠭᠤᠷᠢᠨ ᠤ ᠵᠠᠰᠠᠯᠲᠠ ᠶᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠠᠮᠲᠤᠪᠠᠷ ᠣᠷᠣᠯᠴᠠᠬᠤ ᠰᠠᠶᠢᠨ | ᠰᠠᠶᠢᠬᠠᠨ ᠪᠠᠶᠢᠳᠠᠯ ᠢ ᠪᠤᠢ ᠪᠣᠯᠭᠠᠵᠤ᠂ ᠬᠤᠳᠠ ᠶᠢᠨ ᠳᠦᠷᠢ ᠲᠥᠷᠬᠦ ᠪᠣᠯᠣᠨ ᠴᠢᠨᠠᠷ ᠳᠡᠰ ᠢ ᠳᠠᠰᠤᠷᠠᠯᠳᠠ ᠦᠭᠡᠢ | ᠳᠡᠭᠡᠭᠰᠢᠯᠡᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠬᠤ ᠠᠵᠢᠯ ᠦᠢᠯᠡᠰ ᠪᠣᠰᠬᠠᠬᠤ ᠲᠤ ᠲᠣᠬᠢᠷᠠᠬᠤ ᠰᠠᠶᠢᠨ | ᠰᠠᠶᠢᠬᠠᠨ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃ | | | | | |