| 6 ᠰᠠᠷ᠎ᠠ ᠶᠢᠨ 10 ᠤ ᠡᠳᠦᠷ᠂ ᠵᠠᠷᠤᠳ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ | ᠲᠣᠭᠠᠴᠢᠯᠠᠭᠰᠠᠨ ᠶᠠᠷᠢᠶᠠᠨ ᠤ ᠲᠠᠪᠴᠠᠩ ᠵᠢᠴᠢ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠪᠣᠳᠠᠰ ᠤᠨ | ᠪᠤᠰᠤ ᠰᠣᠶᠣᠯ ᠤᠨ ᠥᠪ ᠤᠨ ᠳᠠᠭᠤᠤ ᠬᠥᠭᠵᠢᠮ ᠤᠨ ᠨᠠᠶᠢᠷ᠂ ᠵᠠᠷᠤᠳ ᠨᠠᠭᠠᠳᠤᠮ ᠤᠨ ᠪᠡᠯᠡᠳᠬᠡᠯ ᠬᠤᠷᠠᠯ ᠪᠣᠯᠣᠨ | ᠪᠦᠬᠦ ᠤᠯᠤᠰ ᠤᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠲᠤᠷᠰᠢᠯᠲᠠ ᠶᠢᠨ ᠲᠦᠷᠦᠯ ᠵᠦᠢᠯ ᠤᠨ ᠠᠬᠤᠢ ᠲᠠᠯᠠᠪᠠᠢ ᠶᠢᠨ ᠦᠵᠡᠭᠦᠯᠦᠯᠭᠡ ᠶᠢᠨ ᠪᠡᠯᠡᠳᠬᠡᠯ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠵᠡᠷᠭᠡ ᠭᠡᠷ ᠲᠡᠭᠡᠨ | ᠪᠠᠶᠢᠭ᠎ᠠ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠡᠯ᠎ᠡ ᠰᠤᠮᠤ | ᠪᠠᠯᠭᠠᠰᠤ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ | ᠶᠠᠷᠢᠶᠠᠨ ᠤ ᠲᠠᠪᠴᠠᠩ ᠵᠢᠴᠢ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ | ᠥᠪ ᠤᠨ ᠳᠠᠭᠤᠤ ᠬᠥᠭᠵᠢᠮ ᠤᠨ ᠨᠠᠶᠢᠷ᠂ ᠵᠠᠷᠣᠳ ᠨᠠᠭᠠᠳᠤᠮ ᠪᠣᠯᠣᠨ ᠪᠦᠬᠦ ᠤᠯᠤᠰ ᠤᠨ ᠲᠠᠯ᠎ᠠ ᠨᠤᠲᠤᠭ ᠤᠨ ᠮᠠᠯ | ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠲᠦᠷᠦᠯ ᠵᠦᠢᠯ ᠤᠨ ᠠᠬᠤᠢ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠪᠣᠯ ᠡᠨᠡ ᠵᠢᠯ ᠤᠨ ᠪᠦᠬᠦ ᠬᠤᠰᠢᠭᠤᠨ ᠤ ᠬᠠᠮᠤᠭ ᠤᠨ ᠴᠢᠬᠤᠯᠠ | ᠠᠵᠢᠯᠯᠠᠭᠠᠨ ᠤᠷᠤᠯᠳᠤᠭᠠᠨ ᠤ ᠵᠦᠢᠯ ᠵᠢᠴᠢ ᠬᠤᠷᠠᠯ ᠪᠣᠯᠣᠨ᠎ᠠ᠃ ᠮᠥᠨ ᠴᠦ ᠵᠠᠷᠤᠳ ᠬᠤᠰᠢᠭᠤᠨ ᠤ ︽ | ᠵᠢᠭᠤᠯᠴᠢᠯᠠᠯ + ᠰᠣᠶᠣᠯ︾ ᠤᠨ ᠬᠠᠮ ᠪᠣᠷᠤᠯᠠᠭᠤᠯᠭ᠎ᠠ ᠶᠢᠨ ᠵᠠᠭᠪᠤᠷ ᠢ ᠥᠷᠭᠡᠳᠬᠡᠬᠦ ᠪᠦᠲᠦᠮᠵᠢᠲᠡᠶ ᠠᠷᠭ᠎ᠠ ᠬᠡᠮᠵᠢᠶ᠎ᠡ | ᠪᠣᠯᠣᠨ᠎ᠠ᠂ ᠡᠨᠡ ᠨᠢ ᠪᠥᠬᠦ ᠬᠤᠰᠢᠭᠤᠨ ᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠪᠡ᠃ | | | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ᠂ ᠵᠣᠬᠢᠴᠠᠭᠤᠯᠤᠨ ᠬᠠᠮᠵᠢᠯᠴᠠᠵᠤ᠂ ᠡᠯ᠎ᠡ ᠲᠠᠯ᠎ᠠ ᠶᠢᠨ ᠬᠦᠴᠦᠨ ᠢ ᠦᠨᠡᠨᠬᠦ | ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠳᠠᠶᠢᠴᠢᠯᠠᠵᠤ᠂ ᠡᠯ᠎ᠡ ᠵᠦᠢᠯ ᠤᠨ ᠪᠡᠯᠡᠳᠬᠡᠯ ᠠᠵᠢᠯ ᠤᠨ ᠥᠨᠳᠥᠷ | ᠪᠦᠲᠦᠮᠵᠢᠲᠡᠢ ᠶᠠᠪᠤᠭᠳᠠᠬᠤ᠂ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠪᠡᠯᠡᠳᠬᠡᠯ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠴᠠᠭ ᠬᠤᠭᠤᠴᠠᠭ᠎ᠠ᠂ | ᠲᠥᠯᠥᠪᠯᠡᠭᠡ᠂ ᠡᠭᠦᠷᠭᠡ ᠶᠣᠰᠣᠭᠠᠷ᠂ ᠡᠮᠬᠢ ᠲᠢᠭᠯᠢᠮ ᠲᠠᠢ ᠠᠬᠢᠭᠤᠯᠤᠨ ᠨᠠᠶᠢᠳᠠᠪᠤᠷᠢᠵᠢᠭᠤᠯᠵᠤ᠂ ᠵᠠᠮ ᠨᠡᠪᠲᠡᠷᠡᠭᠦᠯᠭᠡ | ᠂ ᠲᠡᠷᠭᠡ ᠬᠥᠰᠬᠡ ᠶᠢᠨ ᠵᠣᠭᠰᠣᠭᠠᠯ᠂ ᠣᠷᠴᠢᠨ ᠲᠣᠭᠤᠷᠢᠨ ᠤ ᠠᠷᠢᠭᠤᠨ ᠴᠡᠪᠡᠷ᠂ ᠠᠮᠤᠷ ᠲᠥᠪᠰᠢᠨ ᠭᠠᠯ | ᠤᠨᠲᠠᠷᠠᠭᠠᠬᠤ᠂ ᠢᠳᠡᠭᠡᠨ ᠤᠮᠳᠠᠭᠠᠨ ᠤ ᠦᠢᠯᠡᠴᠢᠯᠡᠭᠡ᠂ ᠴᠠᠭ ᠠᠭᠤᠷ ᠤᠨ ᠦᠢᠯᠡᠴᠢᠯᠡᠭᠡ᠂ ᠴᠠᠬᠢᠯᠭᠠᠨ ᠬᠦᠴᠦᠨ ᠤ | ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠢᠴᠢ ᠬᠡᠷᠡᠭ ᠶᠠᠪᠣᠳᠠᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠵᠡᠷᠭᠡ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠵᠢᠯᠯᠠᠭ᠎ᠠ ᠶᠢᠨ ᠡᠮᠬᠢ ᠵᠢᠷᠤᠮ ᠲᠠᠢ ᠴᠢᠨᠠᠷ ᠰᠠᠶᠢᠲᠠᠢ | ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ | ᠳᠡᠯᠭᠡᠨ ᠦᠵᠡᠭᠦᠯᠵᠦ᠂ ᠵᠥᠪ ᠤᠳᠤᠷᠢᠳᠤᠮᠵᠢ ᠶᠢ ᠪᠠᠲᠤ ᠡᠵᠡᠮᠳᠡᠨ᠂ ᠰᠣᠶᠣᠯ ᠤᠨ ᠠᠭᠤᠯᠬᠤᠨ ᠢ ᠳᠣᠪᠤᠶᠢᠯᠭᠠᠵᠤ᠂ | ᠵᠠᠷᠣᠳ ᠤᠨ ᠥᠯᠢᠭᠡᠷ ᠢ ᠰᠠᠶᠢᠲᠤᠷ ᠶᠠᠷᠢᠵᠤ᠂ ᠵᠠᠷᠣᠳ ᠤᠨ ᠰᠠᠶᠢᠨ ᠲᠠᠭᠤᠨ ᠢ ᠤᠯᠠᠮᠵᠢᠯᠠᠨ᠂ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ᠂ ᠰᠢᠨ᠎ᠡ ᠠᠮᠵᠢᠯᠲᠠ ᠶᠢ ᠣᠯᠠᠨ | ᠠᠷᠭ᠎ᠠ ᠵᠠᠮ ᠢᠶᠠᠷ ᠪᠥᠬᠦ ᠲᠠᠯ᠎ᠠ ᠪᠠᠷ ᠢᠯᠡᠷᠡᠭᠦᠯᠵᠦ᠂ ᠨᠠᠷᠠᠲᠤ ᠲᠡᠮᠳᠡᠭᠲᠦ ᠶᠢᠨ ᠤᠬᠠᠭᠤᠯᠭ᠎ᠠ᠂ ᠪᠦᠲᠦᠭᠡᠭᠳᠡᠬᠦᠨ ᠤ | ᠲᠠᠨᠢᠯᠴᠠᠭᠤᠯᠭ᠎ᠠ᠂ ᠰᠣᠶᠣᠯ ᠤᠨ ᠦᠵᠡᠭᠦᠯᠦᠯᠭᠡ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠶᠠᠷᠢᠶᠠᠨ ᠤ ᠲᠠᠪᠴᠠᠩ ᠵᠢᠴᠢ | ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ | ᠬᠥᠭᠵᠢᠮ ᠤᠨ ᠨᠠᠶᠢᠷ᠂ ᠵᠠᠷᠣᠳ ᠨᠠᠭᠠᠳᠤᠮ ᠤᠨ ᠪᠡᠯᠡᠳᠬᠡᠯ ᠠᠵᠢᠯ ᠤᠨ ᠪᠠᠶᠢᠳᠠᠯ ᠵᠢᠴᠢ ᠪᠦᠬᠦ ᠤᠯᠤᠰ ᠤᠨ ᠲᠠᠯ᠎ᠠ | ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠲᠦᠷᠦᠯ | ᠵᠦᠢᠯ ᠤᠨ ᠠᠬᠤᠢ ᠲᠠᠯᠠᠪᠠᠢ ᠶᠢᠨ ᠲᠣᠭᠤᠷᠢᠨ ᠦᠵᠡᠬᠦ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠤᠭᠰᠠᠨ | ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | |