ᠣᠶᠢᠷ᠎ᠠ ᠶᠢᠨ ᠡᠳᠦᠷ ᠤᠳ ᠲᠤ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ | ᠬᠤᠰᠢᠭᠤᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠳᠤ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠠᠤᠯᠢ | ᠶᠣᠰᠣᠨ ᠤ ᠡᠵᠡᠩᠨᠡᠯᠲᠡ ᠶᠢᠨ ᠪᠠᠶᠢᠳᠠᠯ︾ ᠢ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠶᠢᠴᠠᠭᠠᠬᠤ ᠠᠵᠢᠯᠯᠠᠭ᠎ᠠ | ᠥᠷᠨᠢᠭᠦᠯᠪᠡ᠃ ᠠᠵᠢᠯᠯᠠᠭ᠎ᠠ ᠨᠢ ᠠᠬᠤᠢ ᠭᠠᠵᠠᠷ ᠲᠤᠨᠢ ᠪᠠᠶᠢᠴᠠᠭᠠᠬᠤ ᠪᠠ ᠪᠢᠴᠢᠭ ᠮᠠᠲ᠋ᠧᠷᠢᠶᠠᠯ ᠬᠢᠨᠠᠨ ᠪᠠᠶᠢᠴᠠᠭᠠᠬᠤ | ᠠᠷᠭ᠎ᠠ ᠮᠠᠶ᠋ᠢᠭ ᠢᠶᠠᠷ ᠲᠠᠮᠵᠢᠨ᠂ ᠡᠯ᠎ᠡ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠬᠤ ᠵᠦᠢᠯᠡᠰ ᠲᠤ ᠨᠢᠭᠡ | ᠨᠢᠭᠡ ᠪᠠᠷ ᠪᠠᠶᠢᠴᠠᠭᠠᠯᠲᠠ ᠬᠢᠵᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠦᠶᠯᠡ | ᠠᠵᠢᠯᠯᠠᠭ᠎ᠠ ᠶᠢ ᠦᠨᠡᠨᠬᠦ ᠳᠡᠭᠡᠭᠰᠢᠯᠡᠭᠦᠯᠦᠨ᠂ ᠪᠠᠷᠢᠯᠭ᠎ᠠ ᠶᠢᠨ ᠬᠦᠷᠢᠶᠡᠨ ᠤ ᠢᠨᠵᠧᠨᠧᠷᠢᠩ ᠤᠨ ᠲᠥᠷᠥᠯ ᠵᠦᠢᠯ ᠤᠨ | ᠮᠠᠯᠴᠢᠨ ᠲᠠᠷᠢᠶᠠᠴᠢᠨ ᠬᠦᠴᠤᠨ ᠤ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ | ᠬᠦᠴᠤᠨ ᠤ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ | | | |