ᠵᠠᠷᠤᠳ ᠬᠤᠰᠢᠭᠤ ᠭᠠᠵᠠᠷ ᠰᠢᠷᠣᠢ ᠶᠢᠨ ᠳᠠᠭᠠᠭᠤᠯᠢ ᠤᠳᠤᠨ ᠤ ᠵᠢᠷᠤᠭ ᠲᠣᠯᠪᠤ ᠶᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/6/13
    6 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠭᠠᠵᠠᠷ ᠰᠢᠷᠣᠢ ᠶᠢᠨ ᠳᠠᠭᠠᠭᠤᠯᠢ ᠤᠳᠤᠨ ᠤ ᠵᠢᠷᠤᠭ ᠲᠣᠯᠪᠤ ᠶᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠢᠵᠦ᠂ ᠳᠡᠭᠡᠳᠦ ᠱᠠᠲᠤᠨ ᠤ ᠭᠠᠵᠠᠷ ᠰᠢᠷᠣᠢ ᠶᠢᠨ ᠳᠠᠭᠠᠭᠤᠯᠢ ᠤᠳᠤᠨ ᠤ ᠵᠢᠷᠤᠭ ᠲᠣᠯᠪᠤ ᠶᠢ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠭᠠᠵᠠᠷ ᠰᠢᠷᠣᠢ ᠶᠢᠨ ᠳᠠᠭᠠᠭᠤᠯᠢ ᠤᠳᠤᠨ ᠤ ᠵᠢᠷᠤᠭ ᠲᠣᠯᠪᠤ ᠶᠢ ᠴᠡᠭᠴᠡᠯᠡᠨ ᠵᠠᠰᠠᠬᠤ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃    ᠪᠦᠦ ᠸᠧᠨ ᠯᠠᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠣᠯᠠᠮ ᠨᠢᠭᠡ ᠳᠡᠭᠡᠭᠰᠢᠯᠡᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠶ᠎ᠠ ᠭᠠᠵᠠᠷ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠬᠠᠤᠯᠢ ᠲᠣᠭᠲᠠᠭᠠᠯ ᠢ ᠵᠥᠷᠢᠴᠡᠨ ᠭᠠᠵᠠᠷ ᠡᠵᠡᠯᠡᠭᠰᠡᠨ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠰᠠᠯᠠᠭ᠎ᠠ ᠮᠥᠴᠢᠷ ᠬᠠᠮᠲᠣᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠦᠨ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠡᠷᠡᠰ ᠢᠶᠠᠷ ᠨᠣᠷᠭᠠᠬᠤ ᠬᠠᠶᠠᠬᠤ ᠠᠵᠢᠯ ᠢ ᠪᠣᠳᠠᠲᠠᠶᠢᠵᠢᠭᠤᠯᠵᠤ᠂ ᠨᠢᠭᠡ ᠭᠠᠷᠠᠭ ᠤᠨ ᠳᠣᠲᠣᠷ᠎ᠠ ᠳᠠᠭᠠᠭᠤᠯᠢ ᠣᠳᠣᠨ ᠤ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠭᠠᠵᠠᠷ ᠰᠢᠷᠣᠢ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠨ᠂ ᠨᠤᠲᠤᠭ ᠳᠡᠪᠢᠰᠭᠡᠷ ᠢᠶᠠᠨ ᠬᠠᠮᠠᠭᠠᠯᠠᠬᠤ ᠡᠭᠦᠷᠭᠡ ᠲᠠᠢ᠂ ᠨᠤᠲᠤᠭ ᠳᠠᠪᠢᠰᠭᠡᠷ ᠢᠶᠠᠨ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠨᠤᠲᠤᠭ ᠳᠡᠪᠢᠰᠭᠡᠷ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠣᠳᠣᠷᠬᠠᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠬᠠᠤᠯᠢ ᠶᠢ ᠵᠥᠷᠢᠴᠡᠨ ᠭᠠᠵᠠᠷ ᠡᠵᠡᠯᠡᠭᠰᠡᠨ ᠠᠰᠠᠭᠤᠳᠠᠯ ᠭᠠᠷᠪᠠᠯ᠂ ᠬᠠᠮᠢᠶ᠎ᠠ ᠪᠦᠬᠦᠢ ᠬᠥᠮᠥᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠨᠡᠬᠡᠮᠵᠢᠯᠡᠬᠦ ᠪᠠᠷ ᠨᠠᠶᠢᠲᠠᠪᠣᠷᠢᠵᠢᠭᠤᠯᠣᠯᠲᠠ ᠶᠢ ᠲᠦᠯᠬᠢᠨ ᠠᠬᠢᠭᠤᠯᠵᠤ᠂ ᠬᠠᠷᠢᠭᠤᠴᠠᠯᠭ᠎ᠠ ᠨᠡᠬᠡᠮᠵᠢᠯᠡᠨ ᠠᠰᠠᠭᠤᠬᠤ ᠪᠠᠷ ᠭᠡᠳᠡᠷᠭᠦ ᠰᠢᠬᠠᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠳᠠᠭᠠᠭᠤᠯᠢ ᠤᠳᠤᠨ ᠳᠤ ᠢᠯᠡᠷᠡᠭᠰᠡᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢ ᠲᠠᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠲᠣᠭᠲᠠᠭᠠᠯ ᠢ ᠵᠥᠷᠢᠴᠡᠨ ᠭᠠᠵᠠᠷ ᠡᠵᠡᠯᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠤᠨ ᠲᠤᠯᠭᠠᠮ᠎ᠠ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠬᠠᠤᠯᠢ ᠲᠣᠭᠲᠠᠭᠠᠯ ᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠠᠵᠢᠯᠯᠠᠭ᠎ᠠ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠤᠯᠢ ᠶᠢ ᠵᠥᠷᠢᠴᠡᠨ ᠭᠠᠵᠠᠷ ᠡᠵᠡᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠠᠯᠠᠷᠠᠭᠤᠯᠵᠤ᠂ ᠴᠤᠬᠤᠶᠢᠬᠤ ᠦᠶ᠎ᠡ ᠳᠤᠨᠢ ᠬᠤᠷᠢᠭᠯᠠᠨ ᠵᠣᠭᠰᠤᠭᠠᠬᠤ ᠬᠡᠷᠡᠭᠲᠡᠢ᠃ ᠵᠢᠷᠤᠭ ᠲᠣᠯᠪᠤ ᠶᠢ ᠨᠢᠭᠡᠳ ᠨᠢᠭᠡ ᠪᠠᠷ ᠰᠢᠭᠰᠢᠨ ᠪᠠᠶᠢᠴᠠᠭᠠᠬᠤ ᠪᠠ ᠵᠢᠷᠤᠭ ᠲᠣᠯᠪᠤ ᠶᠢᠨ ᠪᠠᠶᠢᠷᠢ ᠶᠢ ᠲᠣᠭᠲᠠᠭᠠᠬᠤ ᠶᠢ ᠥᠷᠨᠢᠭᠦᠯᠵᠦ᠂ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ᠬᠠᠩᠭᠠᠬᠤ  ᠭᠡᠷᠡᠴᠢ ᠮᠠᠲ᠋ᠧᠷᠢᠶᠠᠯ ᠢ ᠴᠤᠭᠯᠠᠭᠤᠯᠵᠤ᠂ ᠭᠠᠳᠠᠷ ᠭᠡᠷᠡᠴᠢ ᠪᠠᠷᠢᠮᠲᠠ ᠣᠯᠬᠤ ᠪᠠ ᠮᠡᠳᠡᠭᠡ ᠵᠠᠩᠭᠢ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠳ᠋ᠤᠭᠠᠷ ᠬᠠᠰᠤᠬᠤ ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠪᠦᠬᠦᠨ ᠢ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠵᠣᠭᠰᠣᠯᠲᠠ ᠳᠤ ᠵᠣᠭᠰᠣᠵᠤ᠂ ᠨᠤᠷᠠᠭᠠᠭᠰᠠᠨ ᠤ ᠳᠠᠷᠠᠭᠠᠬᠢ ᠭᠠᠵᠠᠷ ᠰᠢᠷᠣᠢ ᠶᠢ ᠵᠦᠢ ᠵᠣᠬᠢᠰᠲᠠᠢ ᠠᠰᠢᠭᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠢᠨᠵᠧᠨᠧᠷᠢᠩ ᠪᠣᠯᠣᠨ ᠲᠦᠷᠦᠯ ᠵᠦᠢᠯ ᠳᠤ ᠬᠡᠷᠡᠭᠯᠡᠬᠦ ᠭᠠᠵᠠᠷ ᠰᠢᠷᠣᠢ ᠲᠠᠢ ᠤᠶᠠᠯᠳᠤᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷᠳᠡᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ ᠭᠡᠪᠡ  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号