ᠵᠠᠷᠤᠳ ᠬᠤᠰᠢᠭᠤ᠄ ᠪᠥᠬᠦ ᠣᠷᠣᠨ ᠳᠤ ᠬᠠᠮᠤᠭ ᠲᠦᠷᠦᠭᠦᠨ ᠳᠤ ᠬᠤᠭᠤᠰᠤᠨ ᠢ ᠨᠦᠬᠦᠪᠦᠷᠢᠯᠡᠪᠡ︕
ᠨᠡᠶᠢᠲᠡᠯᠡᠭᠰᠡᠨ ᠴᠠᠭ᠄
2023/6/13
    ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠲᠡᠭᠡᠮᠵᠢᠲᠡᠢ ᠪᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠠᠵᠢᠯ ᠦᠢᠯᠡᠰ ᠢᠶᠠᠨ ᠬᠥᠭᠵᠢᠭᠦᠯᠬᠦ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠵᠠᠷᠤᠳ ᠬᠤᠰᠢᠭᠤᠨ ᠤ ᠬᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠬᠦᠷᠢᠶᠡᠨ ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠵᠦ᠂ 5 ᠰᠠᠷ᠎ᠠ ᠶᠢᠨ 22 ᠤᠨ ᠡᠳᠦᠷ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠮᠠᠨ ᠤ ᠣᠷᠣᠨ ᠤ ᠵᠡᠭᠦᠨ ᠬᠡᠰᠡᠭ ᠤᠨ ᠬᠤᠰᠢᠭᠤ ᠰᠢᠶᠠᠨ ᠬᠤᠲᠠ ᠲᠣᠭᠤᠷᠢᠭ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠬᠤᠭᠤᠰᠤᠨ ᠢ ᠨᠥᠬᠦᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢ ᠠᠬᠢᠭᠤᠯᠬᠤ  ᠨᠡᠶᠢᠭᠡᠮᠯᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠲᠠᠢ ᠬᠢᠨᠠᠨ ᠬᠠᠷᠭᠤᠭᠤᠯᠬᠤ ᠪᠠᠷ ᠳᠡᠮᠵᠢᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠵᠦᠷᠢᠶᠡᠴᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠠᠷᠭ᠎ᠠ ᠬᠡᠮᠵᠢᠶ᠎ᠡ ᠨᠢ ᠪᠥᠬᠦ ᠣᠷᠣᠨ ᠳᠤ ᠤᠷᠢᠳ ᠡᠮᠦᠨ᠎ᠡ ᠭᠠᠷᠤᠭ᠎ᠠ ᠦᠭᠡᠢ᠂ ᠡᠨᠡ ᠨᠢ ᠪᠥᠬᠦ ᠣᠷᠣᠨ ᠳᠤ ᠠᠩᠬ᠎ᠠ ᠤᠳᠠᠭ᠎ᠠ ᠪᠡᠶᠡᠯᠡᠭᠦᠯᠦᠭᠰᠡᠨ ᠶᠠᠪᠤᠳᠠᠯ ᠪᠣᠯᠣᠨ᠎ᠠ᠃    ᠭᠤᠣᠯ ᠠᠷᠭ᠎ᠠ    ᠬᠢᠷᠢ ᠬᠡᠮ  ᠢ ᠤᠷᠢᠳᠴᠢᠯᠠᠨ ᠬᠢᠨᠠᠵᠤ᠂ ᠣᠯᠠᠨ ᠲᠦᠮᠡᠨ ᠢ ᠳᠤᠲᠠᠭᠤ ᠭᠦᠶᠦᠯᠭᠡᠪᠡ    ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠦᠶᠡᠰ᠂ ᠪᠡᠶ᠎ᠡ ᠶᠢᠨ ᠦᠨᠡᠮᠯᠡᠯ ᠢᠶᠠᠷ ᠢᠶᠠᠨ ᠳ᠋ᠤᠭᠠᠷ ᠠᠪᠬᠤ ᠮᠠᠰᠢᠨ ᠢᠶᠠᠷ ᠳ᠋ᠤᠭᠠᠷ ᠳᠠᠭᠤᠳᠠᠬᠤ ᠶᠠᠪᠤᠴᠠ ᠳᠤ ᠪᠠᠨ ᠵᠠᠷᠤᠳ ᠬᠤᠰᠢᠭᠤᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠠᠦ᠋ᠲ᠋ᠣ᠋ ᠪᠠᠶᠢᠴᠠᠭᠠᠨ ᠯᠠᠪᠯᠠᠵᠤ ᠪᠣᠯᠣᠨ᠎ᠠ᠃ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠩᠬᠠᠨ ᠤ ᠠᠯᠬᠤᠮ ᠳᠤ ᠡᠩ ᠲᠡᠷᠢᠭᠦᠨ ᠳᠤ ᠥᠪᠡᠷ ᠤᠨ ᠢᠲᠡᠭᠡᠮᠵᠢ ᠶᠢᠨ ᠬᠢᠷᠢ ᠬᠡᠮ ᠢᠶᠠᠨ ᠣᠶᠢᠯᠠᠭᠠᠵᠤ᠂ ᠢᠲᠡᠭᠡᠮᠵᠢ ᠶᠢᠨ ᠬᠢᠷᠢ ᠬᠡᠮ ᠨᠢ  ᠬᠦᠷᠬᠦ ᠦᠭᠡᠢ ᠠᠴᠠ ᠪᠣᠯᠵᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠪᠦᠷᠢᠨ ᠪᠡᠯᠡᠳᠬᠡᠭᠰᠡᠨ ᠤ ᠳᠠᠷᠠᠭ᠎ᠠ᠂ ᠡᠴᠦᠰ ᠤᠨ ᠠᠯᠬᠤᠮ ᠤᠨ ᠬᠢᠨᠠᠨ ᠬᠠᠷᠭᠤᠭᠤᠯᠬᠤ ᠶᠠᠪᠤᠴᠠ ᠳᠤ ᠭᠦᠢᠴᠡᠳᠭᠡᠵᠦ ᠳᠡᠶᠢᠯᠬᠦ ᠦᠭᠡᠢ ᠠᠴᠠ ᠵᠠᠶᠢᠯᠠᠰᠬᠢᠵᠦ᠂ ᠣᠯᠠᠨ ᠲᠦᠮᠡᠨ ᠤ ᠬᠡᠷᠡᠭ ᠶᠠᠪᠤᠳᠠᠯ ᠭᠦᠢᠴᠡᠳᠬᠡᠬᠦ ᠳᠤ ᠴᠢᠬᠤᠯᠠ ᠦᠭᠡᠢ ᠥᠪᠡᠷ ᠤᠨ ᠥᠷᠲᠡᠭ ᠢ ᠪᠦᠲᠦᠮᠵᠢᠲᠡᠶ ᠠᠷᠪᠢᠯᠠᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠣᠯᠠᠨ ᠲᠦᠮᠡᠨ ᠤ  ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃    ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠵᠦ᠂ ᠢᠲᠡᠭᠡᠮᠵᠢ ᠶᠢᠨ ᠤᠳᠤᠷᠢᠳᠤᠮᠵᠢ ᠶᠢ ᠲᠣᠳᠣᠷᠬᠠᠢ ᠪᠣᠶ ᠪᠣᠯᠭᠠᠪᠠ    ᠲᠠᠪᠴᠠᠩ ᠪᠠᠶᠢᠭᠤᠯᠬᠤ ᠪᠠ ᠢᠲᠡᠭᠡᠮᠵᠢ ᠶᠢᠨ ᠮᠡᠳᠡᠭᠡ ᠵᠠᠩᠭᠢ  ᠶᠢ ᠪᠠᠶᠢᠴᠠᠭᠠᠨ ᠯᠠᠪᠯᠠᠬᠤ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭ᠎ᠠ ᠳᠤᠮᠳᠠ ᠬᠠᠤᠯᠢ ᠶᠣᠰᠣᠭᠠᠷ ᠢᠲᠡᠭᠡᠮᠵᠢ ᠶᠢᠨ ᠵᠠᠯᠬᠠᠭᠠᠯ ᠢ ᠬᠡᠷᠡᠭᠵᠢᠭᠦᠯᠵᠦ ᠂ ᠢᠲᠡᠭᠡᠯ ᠠᠯᠳᠠᠭᠰᠠᠨ ᠭᠤᠣᠯ ᠴᠣᠭᠴᠠ ᠳᠤ ᠳᠤᠲᠠᠭᠤ ᠶᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ ᠪᠠ ᠠᠮᠠᠯᠠᠯᠲᠠ ᠬᠢᠬᠦ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠬᠡᠷᠡᠭᠯᠡᠬᠦ ᠶᠢ ᠴᠠᠭᠠᠵᠠᠯᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠥᠷᠥ ᠶᠢᠨ ᠪᠣᠳᠣᠯᠭ᠎ᠠ ᠶᠢ ᠨᠠᠶᠢᠲᠠᠪᠣᠷᠢᠵᠢᠭᠤᠯᠬᠤ ᠶᠢ ᠠᠬᠢᠭᠤᠯᠵᠤ᠂ ᠢᠲᠡᠭᠡᠮᠵᠢ ᠶᠢᠨ ᠤᠳᠣᠷᠢᠳᠣᠮᠵᠢ ᠪᠣᠢ ᠪᠣᠯᠭᠠᠨ᠂ ᠢᠲᠡᠭᠡᠮᠵᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ᠢᠲᠡᠭᠡᠮᠵᠢ ᠶᠢᠨ ᠦᠢᠯᠡᠴᠢᠯᠡᠭᠡ ᠬᠠᠩᠭᠠᠬᠤ ᠠᠴᠠ ᠪᠣᠯᠵᠤ ᠡᠭᠦᠷᠭᠡᠯᠡᠬᠦ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠪᠠᠭᠠᠰᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠤ ᠳᠤᠲᠠᠭᠤ ᠶᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠬᠢᠬᠦ ᠮᠡᠳᠡᠭᠳᠡᠬᠦ ᠵᠡᠷᠭᠡ ᠳᠥᠭᠦᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠬᠠᠩᠭᠠᠬᠤ ᠶᠢ ᠠᠬᠢᠭᠤᠯᠵᠤ᠂ ᠡᠭᠦᠨ ᠤ ᠤᠯᠠᠮ ᠠᠴᠠ ᠨᠡᠩ ᠤᠯᠠᠨ ᠬᠡᠷᠡᠭ  ᠶᠠᠪᠣᠳᠠᠯ ᠭᠦᠢᠴᠡᠳᠭᠡᠬᠦ ᠭᠤᠣᠯ ᠴᠣᠭᠴᠠ ᠳᠤ ᠢᠲᠡᠭᠡᠮᠵᠢ ᠪᠠᠨ ᠰᠠᠬᠢᠬᠤ ᠶᠢᠨ ᠲᠥᠭᠦᠮ ᠠᠷᠭ᠎ᠠ ᠬᠡᠮᠵᠢᠶ᠎ᠡ ᠶᠢ ᠳᠣᠷᠠᠳᠴᠤ ᠬᠦᠷᠲᠡᠭᠡᠵᠦ᠂ ᠨᠡᠩ ᠥᠷᠭᠡᠨ ᠳᠡᠯᠭᠡᠷ ︽ᠢᠲᠡᠭᠡᠮᠵᠢ ᠶᠢ ᠮᠡᠳᠡᠬᠦ᠂ ᠢᠲᠡᠭᠡᠮᠵᠢ ᠲᠠᠢ ᠪᠠᠶᠢᠬᠤ᠂ ᠢᠲᠡᠭᠡᠮᠵᠢ ᠶᠢ ᠬᠡᠷᠡᠭᠯᠡᠬᠦ︾ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠪᠠ᠃ᠠᠦ᠋ᠲ᠋ᠣ᠋ ᠪᠠᠶᠢᠴᠠᠭᠠᠨ ᠯᠠᠪᠯᠠᠵᠤ᠂ ᠬᠠᠷᠭᠤᠭᠤᠯᠤᠨ ᠪᠠᠶᠢᠴᠠᠭᠠᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ    ᠥᠩᠭᠡᠷᠡᠭᠰᠡᠨ ᠳᠤ ᠴᠣᠩᠬᠤᠪᠴᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠬᠦ ᠳᠤ ᠲᠤᠰᠬᠠᠢ ᠪᠠᠶᠢᠴᠠᠭᠠᠨ ᠯᠠᠪᠯᠠᠬᠤ ᠲᠠᠪᠴᠠᠩ᠂ ᠴᠢᠨᠠᠭᠰᠢᠯᠠᠪᠠᠯ ᠣᠯᠠᠨ ᠲᠠᠪᠴᠠᠩ ᠳᠤ ᠭᠠᠷᠴᠤ᠂ ᠬᠤᠪᠢ ᠬᠥᠮᠥᠨ ᠤ ᠮᠡᠳᠡᠭᠡ ᠵᠠᠩᠭᠢ ᠶᠢ ᠨᠢᠭᠡᠳ ᠨᠢᠭᠡ ᠪᠠᠷ ᠣᠷᠣᠭᠤᠯᠤᠨ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠬᠦ ᠴᠢᠬᠤᠯᠠᠲᠠᠢ ᠪᠠᠶᠢᠪᠠ᠂ ᠡᠨᠡ ᠨᠢ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠠᠭ ᠪᠠ ᠣᠯᠠᠨ ᠲᠦᠮᠡᠨ ᠤ ᠬᠦᠯᠢᠶᠡᠬᠦ ᠴᠠᠭ ᠢ ᠤᠷᠲᠤᠳᠬᠠᠭᠰᠠᠨ ᠢᠶᠠᠷ ᠪᠠᠷᠠᠬᠤ ᠦᠭᠡᠢ ᠪᠠᠰᠠ ᠴᠣᠩᠬᠤᠪᠴᠢ ᠶᠢᠨ ᠠᠵᠢᠯᠲᠠᠨ ᠤ ᠠᠵᠢᠯ ᠤᠨ ᠬᠡᠮᠵᠢᠶ᠎ᠡ ᠶᠢ ᠨᠡᠮᠡᠭᠳᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠰᠡᠷᠡᠭᠳᠡᠯ ᠪᠠᠭᠤᠷᠠᠭᠤᠯᠤᠭᠰᠠᠨ ᠪᠠᠶᠢᠨ᠎ᠠ᠃ ᠵᠠᠷᠤᠳ ᠬᠤᠰᠢᠭᠤᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭ᠎ᠠ᠂ ᠢᠲᠡᠭᠡᠮᠵᠢ ᠶᠢᠨ ᠬᠢᠨᠠᠨ ᠪᠠᠶᠢᠴᠠᠭᠠᠯᠲᠠ ᠳᠤ ᠠᠦ᠋ᠲ᠋ᠣᠴᠢᠯᠠᠭᠰᠠᠨ᠂ ᠮᠡᠳᠡᠭᠡ ᠵᠠᠩᠭᠢᠴᠢᠯᠠᠯᠲᠠ ᠶᠢᠨ ᠪᠠᠶᠢᠴᠠᠭᠠᠨ ᠯᠠᠪᠯᠠᠬᠤ ᠠᠷᠭ᠎ᠠ ᠶᠢ ᠠᠪᠴᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠳ᠋ᠤᠭᠠᠷ ᠳᠠᠭᠤᠳᠠᠬᠤ ᠶᠠᠪᠤᠴᠠ ᠳᠤ ᠨᠢᠭᠡ ᠰᠧᠺᠦ᠋ᠨ᠋ᠳ᠋ ᠤᠨ ᠳᠣᠲᠣᠷ᠎ᠠ ᠶᠡᠷᠦᠩᠬᠡᠶᠢᠯᠡᠨ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠢᠲᠡᠭᠡᠮᠵᠢ ᠶᠢᠨ ᠬᠢᠨᠠᠨ ᠪᠠᠶᠢᠴᠠᠭᠠᠯᠲᠠ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠬᠢᠨᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠠᠵᠢᠯ ᠤᠨ ᠦᠷ᠎ᠡ ᠪᠦᠲᠦᠮᠵᠢ    ᠣᠳᠣ ᠪᠣᠯᠲᠠᠯ᠎ᠠ᠂ ᠵᠠᠷᠤᠳ ᠬᠤᠰᠢᠭᠤᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠨᠢᠭᠡᠨᠲᠡ 3606 ᠵᠦᠢᠯ ᠤᠨ ᠢᠲᠡᠭᠡᠮᠵᠢ ᠶᠢᠨ ᠲᠤᠭ᠎ᠠ ᠪᠠᠷᠢᠮᠲᠠ ᠶᠢ  ᠰᠢᠩᠭᠡᠭᠡᠵᠦ ᠣᠷᠣᠭᠤᠯᠤᠭᠠᠳ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ 1700 ᠤᠳᠠᠭᠠᠨ ᠤ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡ ᠶᠢ ᠲᠣᠭᠲᠠᠭᠤᠨ ᠢᠶᠠᠷ ᠬᠠᠩᠭᠠᠵᠤ᠂ ᠦᠢᠯᠡᠴᠢᠯᠡᠭᠡᠨ ᠤ ᠶᠠᠪᠤᠴᠠ ᠶᠢ ᠲᠤᠶᠢᠯ ᠤᠨ ᠶᠡᠭᠡ ᠪᠠᠷ ᠰᠢᠯᠢᠳᠡᠭᠵᠢᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠣᠴᠠ ᠶᠢᠨ ᠣᠶᠢᠯᠠᠭᠠᠯᠲᠠ ᠶᠢ ᠳᠡᠭᠡᠭᠰᠢᠯᠡᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢ ᠴᠠᠭ ᠲᠤᠬᠠᠢ ᠳᠤᠨᠢ ᠢᠲᠡᠭᠡᠮᠵᠢ ᠪᠠᠨ ᠰᠠᠬᠢᠵᠤ ᠭᠡᠷ᠎ᠡ ᠪᠠᠨ ᠭᠦᠢᠴᠡᠳᠬᠡᠬᠦ ᠶᠢᠨ ᠬᠠᠮᠲᠤ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠠᠴᠠ ᠪᠤᠴᠠᠨ ᠭᠠᠷᠬᠤ ᠶᠢ ᠱᠠᠭᠠᠷᠳᠠᠵᠤ᠂ ᠢᠲᠡᠭᠡᠮᠵᠢ ᠶᠢᠨ ᠬᠦᠴᠦᠨ ᠢᠶᠠᠷ ᠢᠲᠡᠭᠡᠮᠵᠢ ᠪᠠᠨ ᠰᠠᠬᠢᠵᠤ ᠠᠵᠢᠯ ᠦᠢᠯᠡᠰ ᠢᠶᠠᠨ ᠬᠦᠭᠵᠢᠭᠦᠯᠦᠭᠰᠡᠨ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ ᠶᠢ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号