ᠵᠠᠷᠤᠳ ᠬᠤᠰᠢᠭᠤ᠄ ᠡᠯᠳᠡᠪ ᠠᠮᠤ ᠪᠤᠷᠴᠠᠭ ᠲᠠᠷᠢᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠬᠦᠨᠲᠤ ᠡᠭᠦᠷᠭᠡ︾ ᠡᠭᠦᠷᠭᠡᠯᠡᠭᠦᠯᠪᠡ
ᠨᠡᠶᠢᠲᠡᠯᠡᠭᠰᠡᠨ ᠴᠠᠭ᠄
2023/6/14
     ᠵᠤᠨ ᠤ ᠡᠬᠢ ᠪᠠᠷ᠂ ᠵᠠᠷᠤᠳ ᠬᠤᠰᠢᠭᠤᠨ ᠤ ᠰᠢᠶᠠᠩᠱᠠᠨ ᠪᠠᠯᠭᠠᠰᠤᠨ ᠤ ᠪᠠᠶᠠᠨᠪᠤᠯᠠᠭ ᠲᠣᠰᠬᠤᠨ ᠤ ᠲᠠᠷᠢᠶᠠᠨ ᠭᠠᠵᠠᠷ ᠲᠤ ᠬᠦᠷᠬᠦ ᠳᠤ᠂ ᠮᠠᠰᠢᠨ ᠮᠧᠬᠠᠨᠢᠭ ᠤᠨ ᠬᠦᠩᠭᠢᠨᠡᠮ᠎ᠡ ᠳᠠᠭᠤᠨ ᠲᠠᠰᠤᠷᠠᠯᠲᠠ ᠦᠭᠡᠢ ᠰᠣᠨᠣᠰᠳᠠᠨ᠎ᠠ᠃ ᠡᠷᠭᠢᠯᠳᠦᠭᠡ ᠠᠨᠵᠢᠰᠤᠨ ᠤ ᠬᠦᠷᠪᠡᠬᠦ ᠶᠢ ᠳᠠᠭᠠᠯᠳᠤᠨ᠂ ᠮᠥᠷ ᠮᠥᠷ ᠬᠦᠷᠦᠰᠦ ᠰᠢᠷᠣᠢ ᠬᠠᠭᠠᠯᠪᠣᠷᠢᠯᠠᠭᠳᠠᠵᠤ᠂ ᠭᠤᠤ ᠮᠠᠯᠲᠠᠵᠤ ᠱᠠᠩ ᠪᠣᠰᠬᠠᠬᠤ᠂ ᠪᠦᠷᠬᠦᠭᠦᠯ ᠳᠡᠭᠡᠷ᠎ᠡ ᠰᠢᠷᠣᠢ ᠳᠠᠷᠣᠬᠤ ᠵᠡᠷᠭᠡ ᠠᠵᠢᠯ ᠤᠨ ᠳᠠᠷᠠᠭᠠᠯᠠᠯ ᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠣᠳᠣᠬᠢᠴᠢᠯᠠᠭᠰᠠᠨ ᠲᠠᠷᠢᠶᠠᠨ ᠠᠵᠢᠯ ᠤᠨ ᠵᠢᠷᠤᠭ ᠠᠭᠠᠵᠢᠮ ᠢᠶᠠᠷ ᠳᠡᠯᠭᠡᠭᠳᠡᠪᠡ᠃
c7a80b6c9c0b68e2aff3c511cc2b50a.jpg
    ᠪᠠᠶᠠᠨᠪᠤᠯᠠᠭ ᠲᠣᠰᠬᠤᠨ ᠤ ᠲᠠᠷᠢᠮᠠᠯ ᠤᠨ ᠲᠣᠮᠣ ᠡᠷᠦᠭᠡ ᠸᠠᠩ ᠵᠢᠶᠠ ᠶᠢᠩ ᠠᠪᠣᠭᠠᠢ ᠲᠠᠢ ᠪᠠᠨ ᠦᠷ᠎ᠡ ᠰᠠᠴᠤᠬᠤ ᠮᠠᠰᠢᠨ ᠢᠶᠠᠨ ᠵᠢᠯᠣᠭᠤᠳᠤᠨ ᠰᠦᠯᠢᠶᠥᠦ ᠪᠦᠷᠬᠦᠪᠴᠢ ᠳᠤ ᠰᠢᠰᠢ ᠲᠠᠷᠢᠵᠦ ᠪᠠᠶᠢᠪᠠ᠃ ︽ᠮᠠᠰᠢᠨ ᠢᠶᠠᠷ ᠳᠠᠷᠢᠬᠤ ᠨᠢ ᠬᠤᠷᠳᠤᠴᠠ ᠲᠦᠷᠭᠡᠨ᠂ ᠭᠦᠨ ᠤ ᠬᠡᠮᠵᠢᠶ᠎ᠡ ᠨᠢ ᠵᠢᠭᠳᠡ ᠪᠥᠭᠡᠳ ᠨᠠᠬᠢᠶᠠᠯᠠᠬᠤ ᠨᠣᠷᠮ᠎ᠠ ᠨᠢ ᠥᠨᠳᠥᠷ᠂ ᠴᠢᠬᠢ ᠭᠠᠷᠭᠠᠬᠤ ᠨᠢ ᠵᠢᠭᠳᠡ ᠪᠠᠶᠢᠳᠠᠭ᠂ ᠨᠢᠭᠡ ᠰᠠᠭᠤᠷᠢ ᠳᠠᠷᠢᠬᠤ ᠮᠠᠰᠢᠨ ᠡᠳᠦᠷ ᠲᠤ 40 ᠮᠦ ᠲᠠᠷᠢᠶ᠎ᠠ ᠳᠠᠷᠢᠵᠤ᠂ ᠳᠠᠷᠢᠬᠤ ᠦᠷ᠎ᠡ ᠪᠦᠲᠦᠮᠵᠢ  ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠥᠨᠥᠳᠥᠷ ᠮᠠᠨ ᠤ ᠬᠢᠨ 200 ᠭᠠᠷᠤᠢ ᠮᠦ ᠲᠠᠷᠢᠶ᠎ᠠ ᠳᠠᠷᠢᠵᠠᠢ᠂ ᠡᠨᠡ ᠬᠡᠰᠡᠭ ᠲᠠᠷᠢᠶᠠᠨ ᠤ ᠬᠥᠷᠥᠰᠥ ᠰᠢᠷᠣᠢ ᠥᠩ ᠰᠢᠮᠡᠯᠢᠭ᠂ ᠠᠮᠤ ᠪᠤᠳᠠᠭᠠᠨ ᠤ ᠤᠨᠠᠯᠲᠠ ᠥᠨᠳᠥᠷ ᠪᠠᠶᠢᠨ᠎ᠠ ᠃︾ ᠭᠡᠵᠦ ᠸᠠᠩ ᠵᠢᠶᠠ ᠶᠢᠩ ᠬᠡᠯᠡᠪᠡ᠃    ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠬᠢᠨ ︽ᠬᠦᠨᠡᠰᠦᠨ ᠤ ᠤᠭᠤᠲᠠ︾ ᠪᠠᠨ ᠰᠠᠶᠢᠲᠤᠷ ᠰᠠᠬᠢᠬᠤ ᠶᠢᠨ ᠬᠠᠮᠲᠤ᠂ ᠣᠨᠴᠠᠯᠢᠭᠲᠤ ᠣᠳᠣᠬᠢᠴᠢᠯᠠᠭᠰᠠᠨ ᠲᠠᠷᠢᠶᠠᠯᠠᠩ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠲᠠᠰᠤᠷᠠᠯᠲᠠ ᠦᠭᠡᠢ ᠰᠦᠪᠡᠭᠴᠢᠯᠡᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠨ᠂ ᠣᠷᠣᠨ ᠪᠦᠰᠡ ᠶᠢᠨ ᠣᠨᠴᠠᠯᠢᠭ ᠢ ᠳᠣᠪᠤᠶᠢᠯᠭᠠᠵᠤ᠂ ᠲᠠᠷᠢᠮᠠᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠰᠢᠰᠢ᠂ ᠨᠠᠷᠢᠮᠤ᠂ ᠰᠢᠷ᠎ᠠ ᠪᠤᠷᠴᠠᠭ᠂ ᠨᠣᠭᠤᠭᠠᠨ ᠪᠤᠷᠴᠠᠭ ᠵᠡᠷᠭᠡ ᠲᠠᠷᠢᠮᠠᠯ ᠢᠶᠠᠷ ᠭᠤᠣᠯ ᠪᠣᠯᠭᠠᠭᠰᠠᠨ ᠡᠯᠳᠡᠪ ᠠᠮᠤ ᠡᠯᠳᠡᠪ ᠪᠤᠷᠴᠠᠭ ᠤᠨ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠪᠡ᠃
6de2685bdf458b184fef161dd4eb603.jpg
    ᠦᠯᠵᠡᠶᠢᠮᠦ᠋ᠷᠡᠨ ᠰᠤᠮᠤ ᠶᠢᠨ ᠲᠢᠶᠠᠨ ᠶᠢᠤ ᠲᠠᠷᠢᠶᠠᠯᠠᠩ ᠤᠨ ᠲᠤᠰᠬᠠᠢ ᠬᠤᠷᠰᠢᠶ᠎ᠠ ᠶᠢᠨ ᠡᠷᠭᠢᠯᠲᠡ ᠳᠤ ᠣᠷᠣᠭᠤᠯᠤᠭᠰᠠᠨ 6000 ᠭᠠᠷᠤᠢ ᠮᠦ ᠲᠠᠷᠢᠶᠠᠨ ᠭᠠᠵᠠᠷ ᠲᠤ᠂ ᠣᠯᠠᠨ ᠰᠠᠭᠤᠷᠢ ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ ᠶᠠᠭ ᠰᠠᠶᠢᠬᠠᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠣᠯᠠᠨ ᠲᠠᠷᠢᠵᠦ᠂ ᠨᠢᠭᠡ ᠯᠡ ᠤᠳᠠᠭ᠎ᠠ ᠳᠤ ᠲᠠᠷᠢᠬᠤ᠂ ᠪᠣᠷᠳᠣᠭᠤᠷ ᠣᠷᠣᠭᠤᠯᠬᠤ ᠪᠠ ᠰᠢᠷᠣᠢ ᠳᠠᠷᠣᠬᠤ ᠠᠵᠢᠯ ᠢ ᠪᠡᠶᠡᠯᠡᠭᠦᠯᠪᠡ᠃    ︽ᠨᠢᠳᠤᠨᠤᠨ 5000 ᠭᠠᠷᠤᠢ ᠮᠦ ᠰᠢᠷ᠎ᠠ ᠪᠤᠷᠴᠠᠭ ᠳᠠᠷᠢᠭᠰᠠᠨ ᠤ ᠦᠷ᠎ᠡ ᠠᠰᠢᠭ ᠨᠢ ᠶᠡᠷᠦᠩᠬᠡᠢ ᠳᠡᠭᠡᠨ ᠵᠦᠭᠡᠷ ᠪᠠᠶᠢᠨ᠎ᠠ᠂ ᠡᠶᠢᠮᠦ ᠠᠴᠠ ᠡᠨᠡ ᠵᠢᠯ 5000 ᠮᠦ ᠨᠡᠮᠡᠵᠦ ᠲᠠᠷᠢᠪᠠ᠂ ᠡᠭᠦᠨ ᠤ ᠳᠡᠭᠡᠷ᠎ᠡ ᠵᠠᠰᠠᠭ ᠤᠨ ᠣᠷᠳᠣᠨ ᠤ ᠨᠥᠬᠦᠪᠦᠷᠢ  ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠭᠰᠠᠨ ᠠᠴᠠ ᠳᠠᠷᠢᠬᠤ ᠳᠤ ᠮᠠᠰᠢ ᠢᠲᠡᠭᠡᠯ ᠲᠠᠢ ᠪᠠᠶᠢᠨ᠎ᠠ︾ ᠃ ᠭᠡᠵᠦ ᠬᠤᠷᠰᠢᠶ᠎ᠠ ᠶᠢᠨ ᠬᠠᠷᠢᠭᠤᠴᠠᠯᠭᠠᠲᠠᠨ ᠰᠢᠦᠢ ᠵᠧᠨ ᠲᠦᠩ ᠪᠠᠶᠠᠷᠲᠠᠢ ᠪᠠᠷ ᠬᠡᠯᠡᠪᠡ᠃    ᠥᠯᠵᠡᠶᠢᠮᠦᠷᠡᠨ ᠰᠤᠮᠤᠨ ᠤ ᠳᠡᠳ᠋ ᠰᠤᠮᠤᠨ ᠳᠠᠷᠤᠭ᠎ᠠ ᠼᠤᠤ ᠯᠠᠨ ᠬᠠᠢ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ᠂ ᠥᠯᠵᠡᠶᠢᠮᠦᠷᠡᠨ ᠰᠤᠮᠤᠨ ᠤ ᠬᠢᠨ ᠥᠷᠭᠡᠨ ᠣᠯᠠᠨ ᠲᠠᠷᠢᠮᠠᠯ ᠤᠨ ᠡᠷᠦᠬᠡ ᠶᠢ ᠵᠣᠬᠢᠶᠠᠨ ᠪᠠᠶᠢᠭᠤᠯᠤᠨ ᠡᠯᠳᠡᠪ ᠠᠮᠤ ᠪᠤᠷᠴᠠᠭ ᠤᠨ ᠮᠡᠷᠭᠡᠵᠢᠯ ᠤᠨ ᠰᠣᠯᠢᠯᠴᠠᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠵᠣᠬᠢᠴᠠᠭᠤᠯᠤᠨ ᠲᠠᠷᠢᠮᠠᠯ ᠤᠨ ᠡᠷᠦᠬᠡ ᠳᠤ ᠰᠦᠢᠳᠬᠡᠯ ᠬᠤᠷᠢᠶᠠᠬᠤ ᠦᠭᠡᠢ ᠪᠠᠷ ᠭᠠᠵᠠᠷ ᠰᠢᠷᠣᠢ ᠰᠣᠯᠠᠷᠠᠭᠤᠯᠵᠤ᠂ ᠦᠨᠳᠦᠰᠦ ᠶᠢᠨ ᠪᠡᠲᠡᠭᠢ ᠶᠢᠨ ᠪᠠᠺᠲ᠋ᠧᠷᠢᠲᠦ ᠡᠮ ᠵᠢᠴᠢ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠵᠢᠯᠣᠭᠤᠳᠤᠯᠭ᠎ᠠ ᠬᠠᠩᠭᠠᠵᠤ᠂ ᠲᠠᠷᠢᠶᠠᠴᠢᠳ ᠤᠨ ᠢᠳᠡᠪᠬᠢᠵᠢᠯ ᠢ ᠴᠢᠩᠭᠠᠷᠠᠭᠤᠯᠪᠠ᠃ ᠡᠭᠦᠨ ᠤ ᠬᠠᠮᠲᠤ᠂ ᠲᠠᠰᠤᠷᠠᠯᠲᠠ ᠦᠭᠡᠢ ᠣᠷᠣᠨ ᠵᠠᠢ ᠪᠠᠨ ᠥᠷᠭᠡᠳᠬᠡᠨ᠂ ᠳᠠᠯᠳᠠ ᠬᠦᠴᠦᠨ ᠢ ᠠᠭᠤᠳᠠᠯᠵᠤ᠂ ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ ᠬᠥᠭᠵᠢᠯᠲᠡ ᠶᠢᠨ ᠪᠦᠰᠡ ᠪᠠ ᠵᠠᠯᠭᠠᠯᠳᠤᠭᠰᠠᠨ ᠣᠷᠣᠨ ᠢ ᠪᠠᠶᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠪᠡ ᠭᠡᠪᠡ᠃    ᠣᠶᠢᠷ᠎ᠠ ᠶᠢᠨ ᠵᠢᠯ ᠠᠴᠠ᠂ ᠵᠠᠷᠤᠳ ᠬᠤᠰᠢᠭᠤ ᠡᠯᠳᠡᠪ ᠠᠮᠤ ᠪᠤᠷᠴᠠᠭ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ︽ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠵᠤ᠂ ᠭᠤᠣᠯ ᠠᠵᠢᠯ ᠲᠣᠪᠣᠶᠢᠮ᠎ᠠ᠂ ᠣᠨᠴᠠᠯᠢᠭ ᠢᠯᠡᠷᠬᠡᠢ︾ ᠪᠠᠶᠢᠬᠤ ᠱᠠᠭᠠᠷᠳᠠᠯᠭ᠎ᠠ ᠢᠶᠠᠷ᠂ ᠡᠯᠳᠡᠪ ᠠᠮᠤ ᠪᠤᠷᠴᠠᠭ ᠤᠨ ᠠᠵᠤ ᠦᠢᠯᠡᠰ ᠤᠨ ᠪᠦᠯᠦᠭᠵᠢᠯ ᠢ ᠰᠠᠶᠢᠨ ᠡᠭᠦᠯᠳᠡᠷᠵᠢᠭᠦᠯᠬᠦ᠂ ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ᠂ ᠵᠠᠬ᠎ᠠ ᠳᠡᠯᠭᠡᠭᠦᠷᠴᠢᠯᠡᠬᠦ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ ᠡᠯᠳᠡᠪ ᠠᠮᠤ ᠪᠤᠷᠴᠠᠭ ᠳᠠᠷᠢᠬᠤ ᠶᠡᠷᠦᠩᠬᠡᠢ ᠲᠠᠯᠠᠪᠠᠶ 193 ᠲᠦᠮᠡᠨ ᠮᠦ ᠬᠦᠷᠴᠦ᠂ ᠡᠭᠦᠨ ᠳᠤ ᠰᠢᠷ᠎ᠠ ᠪᠤᠷᠴᠠᠭ ᠳᠠᠷᠢᠬᠤ ᠲᠠᠯᠠᠪᠠᠶ 5.6 ᠲᠦᠮᠡᠨ ᠮᠦ᠂ ᠰᠢᠰᠢ᠂ ᠨᠠᠷᠢᠮᠤ ᠳᠠᠷᠢᠬᠤ ᠲᠠᠯᠠᠪᠠᠶ 3.6 ᠲᠦᠮᠡᠨ ᠮᠦ᠂ ᠨᠡᠷᠡᠨ ᠬᠤᠸᠠᠷ ᠳᠠᠷᠢᠬᠤ ᠲᠠᠯᠠᠪᠠᠶ 7500 ᠮᠦ᠂ ᠰᠢᠬᠢᠷ ᠯᠤᠤᠪᠠᠩ ᠳᠠᠷᠢᠬᠤ ᠲᠠᠯᠠᠪᠠᠶ 2600 ᠮᠦ ᠬᠦᠷᠪᠡ᠃ ᠣᠳᠣᠬᠠᠨ ᠳᠤ ᠡᠯᠳᠡᠪ ᠠᠮᠤ ᠪᠤᠷᠴᠠᠭ ᠤᠨ ᠠᠵᠢᠯ ᠲᠥᠷᠥᠯ ᠤᠨ ᠲᠠᠷᠢᠶᠠᠯᠠᠩ ᠤᠨ ᠠᠵᠤ ᠦᠶᠢᠯᠡᠰᠵᠢᠭᠰᠡᠨ ᠠᠵᠤ ᠠᠬᠤᠶᠢᠯᠠᠯ 22 ᠪᠠᠶᠢᠵᠤ᠂ ᠡᠯᠳᠡᠪ ᠠᠮᠤ ᠪᠤᠷᠴᠠᠭ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠨᠢᠭᠡᠨᠲᠡ 189 ᠪᠣᠯᠪᠠ᠃    ︽ᠣᠶᠢᠷ᠎ᠠ ᠶᠢᠨ ᠬᠡᠳᠦᠨ ᠵᠢᠯ ᠳᠤ᠂ ᠵᠠᠷᠤᠳ ᠬᠤᠰᠢᠭᠤᠨ ᠤ ᠬᠢᠨ ᠤᠯᠠᠮᠵᠢᠯᠠᠯᠲᠤ ᠲᠠᠷᠢᠶᠠᠯᠠᠩ ᠠᠴᠠ ᠣᠳᠣ ᠦᠶ᠎ᠡ ᠶᠢᠨ ᠲᠠᠷᠢᠶᠠᠯᠠᠩ ᠲᠡᠶᠢᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠥᠷᠭᠡᠨ ᠤᠯᠠᠨ ᠲᠠᠷᠢᠶᠠᠴᠢᠳ ᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠮᠠᠯ ᠤᠨ ᠪᠦᠲᠦᠴᠡ ᠪᠠᠨ ᠲᠣᠬᠢᠷᠠᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠵᠦᠢᠯᠡᠰ ᠢ ᠢᠳᠡᠪᠬᠢᠲᠡᠢ ᠪᠠᠷ ᠴᠢᠷᠮᠠᠶᠢᠨ ᠣᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠬᠤᠷᠰᠢᠶ᠎ᠠ ᠶᠢ 400 ᠭᠠᠷᠤᠢ ᠪᠣᠶᠢᠵᠢᠭᠤᠯᠵᠤ᠂ ᠨᠡᠶᠢᠳᠡ 1 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠢ ᠴᠣᠭᠲᠣᠨᠠᠷᠠᠨ ᠲᠠᠨᠢᠯᠴᠠᠭᠤᠯᠬᠤ ᠳᠠᠭᠠᠨ᠂ ᠡᠨᠡ ᠨᠢ ᠪᠥᠬᠦ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ ᠭᠡᠪᠡ᠃ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠨᠥᠬᠦᠪᠦᠷᠢ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ  ᠬᠡᠯᠪᠡᠷᠢᠲᠡᠢ ᠠᠯᠭᠠᠰᠣᠯᠠᠨ ᠳᠠᠷᠢᠬᠤ ᠵᠡᠷᠭᠡ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ 4.5 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ︾ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号