| 6 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠦ᠋ ᠴᠢᠩ ᠬᠠᠢ ᠤᠷᠢᠳ ᠬᠤᠵᠢᠳ ᠪᠠᠶᠠᠷᠲᠤᠬᠤᠰᠢᠭᠤ | ᠪᠠᠯᠭᠠᠰᠤᠨ ᠤ ᠡᠮᠦᠨᠡᠲᠦ ᠰᠠᠯᠠᠭ᠎ᠠ ᠭᠠᠴᠠᠭ᠎ᠠ᠂ ᠪᠠᠶᠠᠷᠲᠤᠬᠤᠰᠢᠭᠤ ᠭᠠᠴᠠᠭ᠎ᠠ ᠵᠡᠷᠭᠡ ᠭᠠᠵᠠᠷ ᠲᠤ ᠬᠦᠷᠴᠦ᠂ ᠨᠠᠮ | ᠵᠠᠰᠠᠭ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠬᠠᠷᠢᠭᠤᠴᠠᠯᠭᠠᠲᠠᠨ ᠨᠥᠬᠦᠳ ᠯᠦᠭᠡ | ᠶᠠᠷᠢᠯᠴᠠᠨ ᠰᠣᠯᠢᠯᠴᠠᠬᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠤᠲᠤᠭ ᠪᠡᠯᠴᠢᠭᠡᠷ ᠤᠨ ᠮᠠᠯ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | ᠬᠠᠮᠢᠶ᠎ᠠ ᠪᠦᠬᠦᠢ ᠪᠡᠯᠡᠳᠬᠡᠯ ᠠᠵᠢᠯ ᠤᠨ ᠪᠠᠶᠢᠳᠠᠯ ᠪᠠ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ | ᠪᠠᠶᠢᠭᠤᠯᠬᠤ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠦᠢᠯᠡᠳᠦᠯ ᠢᠶᠠᠨ ᠪᠠᠳᠠᠷᠠᠭᠤᠯᠬᠤ ᠵᠡᠷᠭᠡ ᠠᠵᠢᠯ ᠢ ᠬᠢᠨᠠᠨ ᠵᠢᠯᠣᠭᠤᠳᠪᠠ᠃ | | | ᠡᠮᠦᠨᠡᠲᠦ ᠰᠠᠯᠠᠭ᠎ᠠ ᠭᠠᠴᠠᠭ᠎ᠠ ᠶᠢᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠲᠤᠷᠰᠢᠯᠲᠠ ᠶᠢᠨ ᠲᠥᠷᠥᠯ ᠵᠦᠢᠯ ᠢ ᠬᠢᠨᠠᠨ ᠵᠢᠯᠤᠭᠤᠳᠬᠤ ᠪᠡᠯᠡᠳᠬᠡᠯ ᠠᠵᠢᠯ ᠢ | ᠪᠠᠶᠢᠴᠠᠭᠠᠨ ᠦᠵᠡᠬᠦ ᠳᠡᠭᠡᠨ᠂ ᠦ᠋ ᠴᠢᠩ ᠬᠠᠢ ᠬᠡᠯᠡᠭᠰᠡᠨ ᠨᠢ᠂ ᠬᠤᠰᠢᠭᠤ ᠳᠠᠶᠠᠭᠠᠷ ᠢᠶᠠᠷ ᠢᠶᠠᠨ ᠲᠠᠨᠢᠯᠲᠠ ᠪᠠᠨ | ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠤᠷᠰᠢᠯᠲᠠ ᠶᠢᠨ ᠠᠵᠢᠯ ᠪᠣᠯ ᠨᠤᠲᠤᠭ ᠪᠡᠯᠴᠢᠭᠡᠷ ᠤᠨ ᠮᠠᠯ | ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠ ᠣᠲᠣ ᠦᠶ᠎ᠡ ᠶᠢᠨ ᠠᠮᠢ ᠠᠬᠤᠢ ᠶᠢᠨ | ᠮᠠᠯ ᠠᠵᠤ ᠠᠬᠤᠢ ᠶᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ ᠭᠡᠳᠡᠭ ᠢ ᠭᠦᠨᠵᠡᠭᠡᠢ | ᠲᠠᠨᠢᠵᠤ᠂ ᠪᠦᠲᠦᠭᠡᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ | ᠪᠠᠳᠠᠷᠠᠭᠤᠯᠵᠤ᠂ ᠲᠤᠷᠰᠢᠯᠲᠠ ᠶᠢᠨ ᠵᠦᠢᠯᠡᠰ ᠤᠨ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ | ᠪᠠᠲᠤᠯᠠᠬᠤ ᠬᠡᠷᠡᠭᠲᠡᠢ︔ ᠲᠤᠷᠰᠢᠯᠲᠠ ᠶᠢᠨ ᠴᠡᠭ ᠤᠨ ᠲᠦᠷᠦᠯ ᠵᠦᠢᠯ ᠢᠶᠠᠷ ᠠᠵᠠ ᠲᠣᠬᠢᠶᠠᠯ ᠪᠣᠯᠭᠠᠵᠤ᠂ ᠮᠠᠯ | ᠰᠦᠷᠦᠭ ᠤᠨ ᠪᠦᠲᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠭᠦᠯᠳᠡᠷ | ᠰᠠᠶᠢᠵᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ ᠦᠬᠡᠷ ᠤᠨ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ︔ ᠴᠢᠨᠠᠷ ᠰᠠᠶᠢᠲᠠᠢ ᠠᠯᠠᠰᠢᠨ ᠦᠬᠡᠷ ᠤᠨ ᠠᠵᠤ ᠦᠢᠯᠡᠰ ᠢ ᠪᠣᠶᠢᠵᠢᠭᠤᠯᠵᠤ᠂ | ᠲᠡᠵᠢᠭᠡᠪᠦᠷᠢ ᠶᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠮᠡᠷᠭᠡᠵᠢᠯ ᠤᠨ ᠪᠣᠯᠪᠠᠰᠤᠷᠠᠯ ᠪᠣᠯᠣᠨ | ᠵᠢᠯᠣᠭᠤᠳᠤᠨ ᠲᠡᠳᠬᠦᠬᠦ ᠡᠷᠴᠢᠮ ᠢᠶᠠᠨ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠪᠡ᠃ | ᠪᠠᠶᠠᠷᠲᠣᠬᠤᠰᠢᠭᠤ ᠭᠠᠴᠠᠭ᠎ᠠ ᠳᠤ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ | ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠬᠦ ᠳᠡᠭᠡᠨ᠂ ᠦ᠋ ᠴᠢᠩ ᠬᠠᠢ ᠬᠡᠯᠡᠭᠰᠡᠨ ᠨᠢ᠂ ᠦᠨᠡᠯᠡᠬᠦ | ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠭᠦᠷᠭᠡ ᠶᠢ ᠨᠢᠭᠡᠳ ᠨᠢᠭᠡ ᠪᠠᠷ ᠵᠠᠳᠠᠯᠤᠨ ᠪᠠᠶᠢᠴᠠᠭᠠᠵᠤ | ᠡᠮᠬᠢᠯᠡᠨ ᠳᠢᠭᠯᠡᠵᠦ᠂ ᠪᠠᠭᠤᠷᠠᠢ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠨᠠᠷᠢᠯᠢᠭ | ᠪᠥᠭᠡᠳ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠢ ᠣᠳᠣᠬᠠᠨ ᠤ ᠭᠤᠣᠯ ᠠᠵᠢᠯ ᠲᠠᠢ | ᠤᠶᠠᠯᠳᠤᠭᠤᠯᠵᠤ᠂ ᠪᠦᠬᠦ ᠪᠠᠯᠭᠠᠰᠤ ᠳᠤ ᠤᠯᠠᠨ ᠬᠡᠯᠪᠡᠷᠢ ᠶᠢᠨ ᠲᠥᠯᠥᠭᠡᠯᠡᠭᠴᠢᠳ ᠤᠨ ᠳᠤᠭᠤᠶᠢᠯᠠᠩ ᠤᠨ | ᠠᠵᠢᠯᠯᠠᠭ᠎ᠠ ᠶᠢᠨ ᠬᠠᠯᠠᠭᠤᠨ ᠥᠷᠨᠢᠯᠲᠡ ᠶᠢ ᠲᠦᠷᠭᠡᠨ ᠪᠤᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ︽ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ︾ | ᠳᠤᠮᠳᠠᠬᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ | ᠡᠭᠦᠳᠴᠦ᠂ ᠴᠤᠭ ᠵᠢᠪᠬᠤᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠵᠤ᠂ ᠲᠥᠯᠥᠭᠡᠯᠡᠭᠴᠢᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠣᠯᠠᠮ ᠨᠢᠭᠡ ᠠᠯᠬᠤᠮ ᠬᠥᠭᠵᠢᠭᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ |