| | ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠢ ᠪᠠᠰᠠ ᠦᠬᠡᠷ ᠤᠨ ᠠᠷᠠᠰᠤᠨ ᠤ ᠭᠦᠪᠲᠦᠷᠦᠦ ᠡᠪᠡᠳᠴᠢᠨ | ᠭᠡᠳᠡᠭ᠂ ᠡᠨᠡ ᠪᠣᠯ ᠨᠢᠭᠡ ᠵᠦᠢᠯ ᠤᠨ ᠪᠤᠳᠤ ᠶᠢᠨ ᠰᠠᠯᠠᠭᠠᠨ ᠤ ᠬᠤᠨᠢᠨ ᠤ ᠪᠤᠳᠤ ᠶᠢᠨ ᠸᠢᠷᠦ᠋ᠰ ᠤᠨ ᠲᠦᠷᠦᠯ ᠤᠨ | DNA ᠶᠢᠨ ᠸᠢᠷᠦ᠋ᠰ ᠠᠴᠠ ᠪᠣᠯᠤᠭᠰᠠᠨ ᠡᠪᠡᠳᠴᠢᠨ ᠶᠤᠮ᠂ ᠲᠡᠷᠡ ᠨᠢ ᠠᠷᠠᠰᠤᠨ ᠤ ᠭᠦᠪᠲᠦᠷᠦᠦ ᠡᠪᠡᠳᠴᠢᠨ ᠤ | ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ᠂ ᠳᠡᠳ᠋ ᠲᠦᠷᠭᠡᠨ ᠴᠢᠨᠠᠷᠲᠠᠢ ᠪᠤᠶᠤ ᠤᠳᠠᠭᠠᠨ | ᠴᠢᠨᠠᠷᠲᠠᠢ ᠬᠠᠯᠳᠠᠪᠤᠷᠢᠲᠤ ᠡᠪᠡᠳᠴᠢᠨ ᠪᠣᠯᠣᠨ᠎ᠠ᠃ ᠲᠤᠰ ᠡᠪᠡᠳᠴᠢᠨ ᠤ ᠡᠪᠡᠳᠴᠢᠯᠡᠬᠦ ᠨᠤᠷᠮ᠎ᠠ ᠨᠢ 5% ᠠᠴᠠ | 45% ᠶᠢᠨ ᠬᠤᠭᠤᠷᠣᠨᠳᠤ ᠪᠠᠶᠢᠵᠤ᠂ ᠦᠬᠦᠬᠦ ᠨᠤᠷᠮ᠎ᠠ ᠨᠢ ᠬᠠᠮᠤᠭ ᠥᠨᠳᠥᠷ ᠲᠡᠭᠡᠨ 10% ᠳᠤ ᠬᠦᠷᠳᠡᠭ᠃ | ᠬᠤᠰᠲ ᠤᠨ ᠡᠵᠡᠨ ᠨᠢ ᠦᠬᠡᠷ᠂ ᠡᠭᠦᠨ ᠳᠤ ᠭᠤᠣᠯᠳᠠᠭᠤ ᠰᠢᠷ᠎ᠠ ᠦᠬᠡᠷ᠂ ᠪᠡᠲᠡᠭᠢ ᠶᠢᠨ ᠦᠬᠡᠷ ᠪᠠ ᠲᠡᠵᠢᠭᠡᠪᠦᠷᠢ | ᠠᠽᠢᠶ᠎ᠠ ᠶᠢᠨ ᠤᠰᠤᠨ ᠦᠬᠡᠷ ᠪᠠᠭᠲᠠᠨ᠎ᠠ᠃ ᠲᠤᠰ ᠡᠪᠡᠳᠴᠢᠨ ᠤ ᠬᠠᠮᠤᠭ ᠤᠨ ᠭᠤᠣᠯ ᠬᠠᠯᠳᠠᠪᠤᠷᠢᠯᠠᠬᠤ ᠬᠡᠯᠪᠡᠷᠢ ᠪᠣᠯ | ᠦᠶᠡᠲᠦ ᠬᠥᠯᠲᠡᠨ ᠤ ᠮᠧᠬᠠᠨᠢᠭ ᠴᠢᠨᠠᠷᠲᠠᠢ ᠲᠠᠷᠬᠠᠬᠤ ᠪᠠ ᠠᠮᠢᠲᠠᠨ ᠤ ᠬᠤᠭᠤᠷᠣᠨᠳᠤ ᠰᠢᠭᠤᠳ ᠬᠦᠷᠦᠯᠴᠡᠵᠦ | ᠲᠠᠷᠬᠠᠳᠠᠭ᠃ | ᠡᠪᠡᠳᠴᠢᠨ ᠤ ᠢᠯᠡᠷᠡᠯ ᠨᠢ ᠬᠠᠯᠠᠭᠤᠷᠠᠵᠤ᠂ ᠪᠡᠶ᠎ᠡ ᠶᠢᠨ ᠬᠠᠯᠠᠭᠤᠨ ᠨᠢ 41℃ ᠢ ᠳᠠᠪᠠᠭ᠋ᠤ ᠪᠥᠭᠡᠳ ᠨᠢᠭᠡ | ᠭᠠᠷᠠᠭ ᠦᠷᠭᠦᠯᠵᠢᠯᠡᠨ᠎ᠡ᠃ ᠬᠠᠮᠠᠷ ᠤᠨ ᠦᠷᠪᠢᠰᠦᠯ᠂ ᠨᠡᠶᠢᠯᠡᠮᠡᠯ ᠪᠦᠷᠬᠦᠪᠴᠢ ᠶᠢᠨ ᠦᠷᠪᠢᠰᠦᠯ ᠤᠨ ᠰᠢᠨᠵᠢ ᠢᠯᠡᠷᠡᠨ᠂ | ᠰᠢᠯᠦᠰᠦ ᠠᠷᠪᠢᠨ ᠭᠤᠭᠤᠵᠢᠭᠤᠯᠳᠠᠭ᠃ ᠰᠦ ᠱᠦᠭᠦᠷᠡᠭᠦᠯᠬᠦ ᠦᠨᠢᠶ᠎ᠡ ᠶᠢᠨ ᠰᠦᠨ ᠤ ᠭᠠᠷᠤᠯᠲᠠ ᠮᠡᠳᠡᠭᠳᠡᠮ᠎ᠡ | ᠪᠠᠭᠠᠰᠤᠨ᠎ᠠ︔ ᠪᠦᠬᠦ ᠪᠡᠶ᠎ᠡ ᠳᠤᠨᠢ ᠳ᠋ᠢᠶᠠᠮᠧᠳ᠋ᠷ ᠨᠢ 2-5cm ᠤᠨ ᠭᠦᠪᠲᠦᠷᠦᠦ ᠭᠠᠷᠬᠤ ᠶᠢᠨ ᠬᠠᠮᠲᠤ ᠡᠪᠡᠳᠬᠦ ᠰᠡᠷᠡᠯ | ᠳᠠᠭᠠᠯᠳᠤᠳᠠᠭ᠂ ᠣᠨᠴᠠᠭᠠᠶᠢᠯᠠᠨ ᠨᠡᠷᠪᠡᠭᠳᠡᠭᠰᠡᠨ ᠤ ᠳᠠᠷᠠᠭ᠎ᠠ 7-19 ᠡᠳᠦᠷ ᠤᠨ ᠬᠤᠭᠤᠷᠣᠨᠳᠤ ᠠᠮᠢᠲᠠᠨ ᠤ ᠲᠣᠯᠣᠭᠠᠢ | ᠂ ᠬᠦᠵᠦᠭᠦᠦ᠂ ᠬᠥᠬᠦ ᠪᠠ ᠪᠡᠯᠭᠡ ᠶᠢᠨ ᠬᠡᠰᠡᠭ ᠲᠤ ᠦᠷᠭᠦᠯᠵᠢ ᠬᠠᠷᠠᠭᠳᠠᠳᠠᠭ᠂ ᠭᠦᠪᠲᠦᠷᠦᠦ ᠨᠢ ᠭᠠᠳᠠᠷ ᠬᠠᠯᠢᠰᠤ | ᠪᠠ ᠵᠢᠩᠬᠢᠨᠢ ᠠᠷᠠᠰᠤᠨ ᠳᠤ ᠬᠠᠯᠳᠠᠵᠤ᠂ ᠡᠬᠢᠨ ᠤ ᠬᠤᠭᠤᠴᠠᠭᠠᠨ ᠳᠤ ᠰᠢᠩᠭᠡᠨ ᠰᠢᠬᠦᠰᠦ ᠨᠡᠪᠴᠢᠵᠦ᠂ 2 | ᠭᠠᠷᠠᠭ ᠤᠨ ᠳᠠᠷᠠᠭ᠎ᠠ ᠵᠠᠷᠢᠮ ᠭᠦᠪᠲᠦᠷᠦᠦ ᠨᠢ ᠦᠬᠦᠵᠢᠭᠰᠡᠨ ᠰᠢᠭᠢᠳᠦᠭᠡᠰᠦ ᠪᠣᠯᠵᠤ ᠬᠤᠪᠢᠷᠠᠭᠠᠳ ᠪᠦᠬᠦ᠋ᠢᠯᠡ | ᠠᠷᠠᠰᠤᠨ ᠳᠠᠪᠬᠤᠷᠭ᠎ᠠ ᠳᠤ ᠨᠡᠪᠲᠡᠷᠡᠳᠡᠭ᠃ ᠠᠮᠠᠨ ᠬᠥᠨᠳᠡᠢ᠂ ᠰᠢᠩᠭᠡᠭᠡᠯᠲᠡ ᠶᠢᠨ ᠵᠠᠮ ᠤᠨ ᠰᠠᠯᠢᠰᠤᠲᠤ ᠪᠦᠷᠬᠦᠪᠴᠢ᠂ | ᠮᠥᠭᠡᠷᠰᠦᠨ ᠬᠤᠭᠤᠯᠠᠢ ᠪᠠ ᠠᠭᠤᠰᠬᠢᠨ ᠤ ᠬᠡᠰᠡᠭ ᠲᠤ ᠪᠤᠳᠤ ᠶᠢᠨ ᠴᠢᠨᠠᠷᠲᠠᠢ ᠡᠪᠡᠳᠴᠢᠨ ᠤ ᠬᠤᠪᠢᠷᠠᠯᠲᠠ ᠭᠠᠷᠴᠤ᠂ | ᠡᠭᠦᠨ ᠤ ᠤᠯᠠᠮ ᠠᠴᠠ ᠠᠩᠬᠠᠳᠠᠭᠴᠢ ᠴᠢᠨᠠᠷᠲᠠᠢ ᠪᠤᠶᠤ ᠬᠤᠶᠠᠳᠠᠭᠴᠢ ᠴᠢᠨᠠᠷᠲᠠᠢ ᠠᠭᠤᠰᠬᠢᠨ ᠦᠷᠪᠢᠰᠦᠯ ᠢ | ᠡᠭᠦᠰᠬᠡᠳᠡᠭ︔ ᠤᠷᠮ᠎ᠠ ᠮᠠᠭᠤᠲᠠᠬᠤ᠂ ᠬᠤᠭᠤᠯᠠ ᠭᠤᠯᠣᠬᠤ᠂ ᠰᠦ ᠦᠭᠡᠢ ᠪᠣᠯᠬᠤ᠂ ᠡᠴᠡᠵᠦ ᠲᠤᠷᠠᠬᠤ ᠵᠡᠷᠭᠡ | ᠡᠪᠡᠳᠴᠢᠨ ᠤ ᠰᠢᠨᠵᠢ ᠢᠯᠡᠷᠡᠨ᠎ᠡ︔ ᠪᠤᠢ ᠪᠦᠬᠦᠢ ᠭᠦᠢᠬᠡᠨ ᠯᠢᠮᠹᠠ ᠶᠢᠨ ᠵᠠᠩᠭᠢᠯᠠᠭ᠎ᠠ ᠬᠠᠪᠤᠳᠴᠤ ᠲᠣᠮᠤᠷᠠᠨᠠ᠃ | ᠲᠤᠰ ᠡᠪᠡᠳᠴᠢᠨ ᠢ ᠭᠤᠣᠯᠳᠠᠭᠤ ᠤᠷᠢᠳᠴᠢᠯᠠᠨ ᠰᠡᠷᠭᠡᠶᠢᠯᠡᠬᠦ ᠠᠴᠠ ᠪᠢᠰᠢ ᠣᠨᠴᠠᠭᠠᠶ ᠵᠠᠰᠠᠬᠤ ᠠᠷᠭ᠎ᠠ ᠭᠡᠵᠦ | ᠪᠠᠶᠢᠬᠤ ᠦᠭᠡᠢ᠃ ᠡᠮᠨᠡᠨ ᠵᠠᠰᠠᠬᠤ ᠳᠤ ᠸᠢᠷᠦ᠋ᠰ ᠢ ᠡᠰᠡᠷᠭᠦᠴᠡᠬᠦ ᠪᠠ ᠬᠦᠴᠦᠲᠡᠢ ᠨᠢᠶᠠᠨ ᠳᠠᠷᠤᠭᠴᠢ ᠪᠠᠷ ᠡᠮᠨᠡᠨ | ᠵᠠᠰᠠᠵᠤ ᠦᠷᠭᠦᠯᠵᠢᠯᠡᠨ ᠬᠠᠯᠳᠠᠪᠤᠷᠢᠯᠠᠬᠤ ᠠᠴᠠ ᠵᠠᠶᠢᠯᠠᠰᠬᠢᠨ᠎ᠡ᠃ | | | | |