5 ᠰᠠᠷ᠎ᠠ ᠶᠢᠨ 31 ᠤ ᠡᠳᠦᠷ᠂ ᠵᠠᠷᠤᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ︽ | ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ︾ ᠤᠨ ᠬᠡᠷᠡᠭᠯᠡᠯᠲᠡ | ᠳᠡᠯᠭᠡᠷᠡᠭᠦᠯᠦᠯᠲᠡ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠰᠢᠭᠤᠨ ᠤ ᠰᠤᠷᠭᠠᠨ ᠬᠥᠮᠦᠵᠢᠯ | ᠪᠡᠶ᠎ᠡ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠲᠠᠰᠤᠭ᠂ ᠬᠤᠰᠢᠭᠤᠨ ᠤ ᠬᠠᠷᠢᠶᠠᠲᠤ ᠡᠯ᠎ᠡ ᠰᠤᠷᠭᠠᠭᠤᠯᠢ ᠶᠢᠨ | ᠬᠠᠷᠢᠭᠤᠴᠠᠯᠭᠠᠲᠠᠨ ᠪᠠ ᠲᠠᠪᠴᠠᠩ ᠤᠨ ᠬᠠᠮᠢᠶᠠᠷᠤᠯᠲᠠ ᠶᠢᠨ ᠠᠵᠢᠯᠲᠠᠨ ᠨᠡᠶᠢᠲᠡ 120 ᠭᠠᠷᠤᠢ ᠬᠥᠮᠥᠨ | ᠪᠣᠯᠪᠠᠰᠤᠷᠠᠯ ᠳᠤ ᠤᠷᠤᠯᠴᠠᠪᠠ᠃ | | | | | ᠪᠣᠯᠪᠠᠰᠤᠷᠠᠯ ᠤᠨ ᠬᠤᠷᠠᠯ ᠠᠴᠠ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠲᠤ ᠰᠤᠷᠭᠠᠨ | ᠬᠥᠮᠦᠵᠢᠯ ᠤᠨ ᠲᠠᠪᠴᠠᠩ︾ ᠢ ᠬᠡᠷᠡᠭᠯᠡᠵᠦ ᠳᠡᠯᠭᠡᠷᠡᠭᠦᠯᠬᠦ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ | ᠳᠤᠷᠠᠳᠤᠭᠰᠠᠨ ᠪᠥᠭᠡᠳ ︽ᠤᠯᠤᠰ ᠤᠨ ᠣᠶᠤᠨᠲᠤ ᠰᠤᠷᠭᠠᠨ ᠬᠥᠮᠦᠵᠢᠯ ᠤᠨ ᠲᠠᠪᠴᠠᠩ ᠤᠨ ᠬᠡᠷᠡᠭᠵᠢᠭᠦᠯᠬᠦ ᠲᠥᠰᠥᠯ | ︾ ᠢ ᠨᠠᠷᠢᠨ ᠲᠠᠶᠢᠯᠪᠤᠷᠢᠯᠠᠪᠠ᠃ ᠳᠠᠷᠠᠭ᠎ᠠ ᠨᠢ᠂ ᠲᠠᠪᠴᠠᠩ ᠤᠨ ᠬᠠᠮᠢᠶᠠᠷᠤᠯᠲᠠ ᠶᠢᠨ ᠠᠵᠢᠯᠲᠠᠨ ᠠᠴᠠ ᠲᠠᠪᠴᠠᠩ ᠤᠨ | ᠬᠡᠷᠡᠭᠯᠡᠯᠲᠡ ᠶᠢᠨ ᠠᠬᠤᠢ ᠲᠠᠯᠠᠪᠤᠷ ᠲᠤ ᠴᠢᠭᠯᠡᠭᠦᠯᠦᠨ ᠲᠤᠰᠬᠠᠢ ᠰᠡᠳᠦᠪᠲᠦ ᠪᠣᠯᠪᠠᠰᠤᠷᠠᠭᠤᠯᠤᠯ ᠥᠷᠨᠢᠭᠦᠯᠪᠡ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠨ ᠪᠠᠭᠰᠢ ᠨᠠᠷ ᠠᠴᠠ | ᠪᠣᠯᠪᠠᠰᠤᠷᠠᠭᠤᠯᠤᠯ ᠤᠨ ᠠᠭᠤᠯᠭ᠎ᠠ ᠪᠠᠷ ᠪᠠᠶᠠᠯᠢᠭ᠂ ᠭᠤᠣᠯᠳᠠᠯᠭ᠎ᠠ ᠪᠠᠷ ᠲᠣᠪᠣᠶᠢᠮ᠎ᠠ᠂ ᠬᠠᠨᠳᠤᠯᠭᠠᠲᠤ ᠴᠢᠨᠠᠷ ᠢᠶᠠᠷ | ᠴᠢᠩᠭ᠎ᠠ ᠪᠠᠶᠢᠵᠤ᠂ ᠲᠠᠪᠴᠠᠩ ᠤᠨ ᠳᠡᠯᠭᠡᠷᠡᠭᠦᠯᠦᠯᠲᠡ ᠶᠢ ᠰᠠᠶᠢᠲᠤᠷ ᠬᠢᠬᠦ ᠳᠤ ᠮᠠᠰᠢ ᠰᠠᠶᠢᠨ ᠰᠠᠭᠤᠷᠢ ᠲᠠᠯᠪᠢᠭᠰᠠᠨ | ᠪᠠᠶᠢᠨ᠎ᠠ ᠭᠡᠵᠦ ᠢᠯᠡᠷᠭᠡᠶᠢᠯᠡᠪᠡ᠃ ᠰᠤᠷᠭᠠᠭᠤᠯᠢ ᠳᠠᠭᠠᠨ ᠬᠠᠷᠢᠭᠰᠠᠨ ᠤ ᠳᠠᠷᠠᠭ᠎ᠠ ᠲᠠᠪᠴᠠᠩ ᠤᠨ ᠬᠡᠷᠡᠭᠯᠡᠯᠲᠡ | ᠳᠡᠯᠭᠡᠷᠡᠭᠦᠯᠦᠯᠲᠡ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠲᠠᠢ ᠯᠠᠪᠳᠠᠭᠤᠨ ᠪᠠᠲᠤᠲᠠᠢ | ᠤᠶᠠᠯᠳᠤᠭᠤᠯᠵᠤ᠂ ᠡᠯ᠎ᠡ ᠵᠦᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠤᠨ᠎ᠡ ᠭᠡᠪᠡ᠃ | | | | | ᠣᠶᠢᠯᠠᠭᠠᠭᠰᠠᠨ ᠢᠶᠠᠷ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ | ᠲᠠᠪᠴᠠᠩ ᠳᠤ ᠪᠠᠭᠰᠢ ᠶᠢᠨ ᠬᠢᠴᠢᠶᠡᠯ ᠪᠡᠯᠡᠳᠬᠡᠬᠦ᠂ ᠬᠤᠣᠰ ᠪᠠᠭᠰᠢ ᠶᠢᠨ ᠬᠢᠴᠢᠶᠡᠯ ᠤᠨ ᠲᠠᠩᠬᠢᠮ᠂ ᠪᠠᠭᠰᠢ ᠶᠢᠨ | ᠰᠤᠳᠤᠯᠤᠨ ᠰᠤᠷᠤᠯᠴᠠᠬᠤ᠂ ᠪᠡᠶ᠎ᠡ ᠪᠠᠨ ᠳᠠᠭᠠᠭᠠᠨ ᠰᠤᠷᠤᠯᠴᠠᠬᠤ᠂ ᠳᠠᠰᠬᠠᠯ ᠬᠢᠬᠦ᠂ ᠮᠠᠳᠠᠭ ᠲᠠᠢ ᠠᠰᠠᠭᠤᠳᠠᠯ ᠢ | ᠬᠠᠪᠰᠤᠷᠤᠨ ᠵᠢᠯᠤᠭᠤᠳᠬᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠭᠡᠷ ᠪᠦᠯᠢ ᠪᠠ ᠰᠤᠷᠭᠠᠭᠤᠯᠢ ᠶᠢᠨ | ᠰᠣᠯᠢᠯᠴᠠᠭ᠎ᠠ᠂ ᠣᠷᠣᠨ ᠪᠦᠰᠡ ᠶᠢᠨ ᠬᠠᠮᠢᠶᠠᠷᠤᠯᠲᠠ ᠵᠡᠷᠭᠡ 9 ᠬᠡᠷᠡᠭᠯᠡᠭᠡᠨ ᠤ ᠲᠠᠯᠠᠪᠤᠷ ᠪᠠᠶᠢᠭᠤᠯᠵᠤ᠂ ᠪᠠᠭᠰᠢ ᠨᠠᠷ | ᠠᠴᠠ ᠲᠠᠪᠴᠠᠩ ᠳᠤ ᠲᠦᠰᠢᠭᠯᠡᠨ ᠳᠠᠰᠬᠠᠯ ᠦᠭᠬᠦ᠂ ᠮᠠᠳᠠᠭ ᠲᠠᠢ ᠠᠰᠠᠭᠤᠳᠠᠯ ᠢ ᠬᠠᠪᠰᠤᠷᠤᠨ ᠵᠢᠯᠤᠭᠤᠳᠬᠤ ᠵᠡᠷᠭᠡ | ᠵᠢᠭᠠᠨ ᠰᠤᠷᠭᠠᠯᠲᠠ ᠶᠢᠨ ᠡᠭᠦᠷᠭᠡ ᠶᠢ ᠭᠦᠢᠴᠡᠳᠬᠡᠵᠦ ᠪᠣᠯᠬᠤ ᠪᠥᠭᠡᠳ ᠲᠠᠪᠴᠠᠩ ᠤᠨ ᠡᠬᠢ ᠪᠠᠶᠠᠯᠢᠭ ᠢ ᠥᠷᠭᠡᠨ ᠢᠶᠠᠷ | ᠰᠤᠷᠤᠯᠴᠠᠨ ᠯᠠᠪᠯᠠᠯᠲᠠ ᠪᠣᠯᠭᠠᠵᠤ ᠬᠤᠣᠰ ᠪᠠᠭᠰᠢ ᠶᠢᠨ ᠵᠢᠭᠠᠨ ᠰᠤᠷᠭᠠᠯᠲᠠ ᠶᠢ ᠥᠷᠨᠢᠭᠦᠯᠵᠦ ᠪᠣᠯᠣᠨ᠎ᠠ᠃ | ᠰᠣᠷᠣᠭᠴᠢ ᠪᠠ ᠭᠡᠷ ᠤᠨ ᠠᠬᠠᠮᠠᠳ ᠴᠤ ᠲᠠᠪᠴᠠᠩ ᠢᠶᠠᠷ ᠲᠠᠮᠵᠢᠨ ᠡᠯ᠎ᠡ ᠵᠦᠢᠯ ᠤᠨ ᠡᠬᠢ ᠪᠠᠶᠠᠯᠢᠭ ᠢ ᠣᠯᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠤᠭ ᠤᠨ ᠰᠢᠨ᠎ᠡ ᠪᠠᠶᠢᠳᠠᠯ ᠢ ᠣᠶᠢᠯᠠᠭᠠᠵᠤ ᠪᠣᠯᠣᠨ᠎ᠠ᠃ ᠲᠣᠰ | ᠲᠠᠪᠴᠠᠩ ᠢ ᠳᠡᠯᠭᠡᠷᠡᠭᠦᠯᠦᠨ ᠬᠡᠷᠡᠭᠯᠡᠭᠰᠡᠨ ᠤ ᠳᠠᠷᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ | ᠶᠠᠪᠤᠴᠠ ᠶᠢ ᠲᠣᠭᠠᠴᠢᠯᠠᠬᠤ᠂ ᠣᠶᠤᠨᠴᠢᠯᠠᠬᠤ᠂ ᠵᠢᠷᠤᠮᠵᠢᠭᠤᠯᠬᠤ ᠶᠢ ᠪᠡᠶᠡᠯᠡᠭᠦᠯᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠬᠢᠭᠡᠳ ᠲᠤᠭᠠᠴᠢᠯᠠᠭᠰᠠᠨ ᠲᠠᠪᠴᠠᠩ ᠢ ᠣᠷᠭᠠᠨᠢᠭ ᠢᠶᠠᠷ ᠤᠶᠠᠯᠳᠤᠭᠤᠯᠬᠤ᠂ ᠭᠦᠨᠵᠡᠭᠡᠢ | ᠠᠭᠤᠰᠤᠯᠴᠠᠭᠤᠯᠬᠤ ᠶᠢ ᠪᠡᠶᠡᠯᠡᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠭᠤᠰᠤᠯᠴᠠᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠪᠣᠯᠣᠨ᠎ᠠ᠃ |