ᠣᠲᠣᠷ
ᠨᠡᠶᠢᠲᠡᠯᠡᠭᠰᠡᠨ ᠴᠠᠭ᠄
2023/6/20
    ︽ᠣᠲᠣᠷ︾ ᠭᠡᠳᠡᠭ ᠨᠢ ︽ᠪᠡᠯᠴᠢᠭᠡᠷ ᠲᠤ ᠶᠠᠪᠤᠬᠤ︾ ᠪᠤᠶᠤ ︽ᠪᠡᠯᠴᠢᠭᠡᠷ ᠰᠢᠯᠵᠢᠬᠦ︾ ᠭᠡᠰᠡᠨ ᠤᠳᠬ᠎ᠠ ᠲᠠᠢ ᠮᠣᠩᠭᠤᠯ ᠦᠭᠡ ᠪᠣᠯᠣᠨ᠎ᠠ᠂ ᠡᠨᠡ ᠪᠣᠯ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠴᠢᠬᠤᠯᠠ ᠵᠠᠩᠭᠢᠯᠠᠭ᠎ᠠ ᠪᠠ ᠠᠭᠤᠯᠭ᠎ᠠ ᠪᠣᠯᠣᠨ᠎ᠠ᠃ ᠤᠯᠠᠮᠵᠢᠯᠠᠯᠲᠤ ᠨᠡᠭᠦᠳᠡᠯ ᠮᠠᠯᠵᠢᠯ ᠤᠨ ᠠᠮᠢᠳᠤᠷᠠᠯ ᠳᠤ᠂ ᠮᠠᠯᠴᠢᠳ ᠤᠯᠠᠷᠢᠯ ᠤᠨ ᠬᠤᠪᠢᠷᠠᠯᠲᠠ ᠶᠢ ᠳᠠᠭᠠᠯᠳᠤᠨ ᠪᠡᠯᠴᠢᠭᠡᠷ ᠰᠢᠯᠵᠢᠨ ᠮᠠᠯᠵᠢᠳᠠᠭ᠂ ︽ᠪᠡᠯᠴᠢᠭᠡᠷ ᠲᠤ ᠶᠠᠪᠤᠬᠤ︾ ᠪᠣᠯ ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠢ ᠠᠮᠤᠷᠵᠢᠭᠤᠯᠤᠨ ᠲᠡᠩᠬᠡᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠡᠳᠦᠶᠢᠪᠡᠷ ᠣᠳᠣᠬᠢᠴᠢᠯᠠᠯᠲᠠ ᠶᠢᠨ ᠳᠠᠭᠠᠷᠢᠯᠲᠠ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠨᠥᠯᠥᠭᠡᠯᠡᠯ ᠳᠣᠣᠷ᠎ᠠ᠂ ᠪᠠᠶᠢᠭᠠᠯᠢ ᠬᠥᠮᠥᠨ ᠨᠢᠭᠡᠳᠦᠭᠰᠡᠨ ᠨᠡᠭᠦᠳᠡᠯ ᠮᠠᠯᠵᠢᠯ ᠤᠨ ᠠᠮᠢᠳᠤᠷᠠᠯ ᠨᠢ ᠬᠥᠮᠥᠰ ᠤᠨ ᠰᠡᠳᠬᠢᠯ ᠳᠤ ᠤᠯᠠᠮᠵᠢᠯᠠᠯ ᠶᠠᠷᠢᠶ᠎ᠠ ᠪᠣᠯᠤᠭᠰᠠᠨ ᠪᠣᠯᠪᠠᠴᠤ ᠵᠠᠷᠤᠳ ᠬᠤᠰᠢᠭᠤᠨ ᠤ ᠭᠡᠷᠴᠢᠯᠠᠭᠤ ᠰᠤᠮᠤᠨ ᠤ ᠡᠨᠡ ᠬᠦ ᠭᠠᠶᠢᠬᠠᠮᠰᠢᠭᠲᠤ ᠰᠠᠶᠢᠬᠠᠨ ᠨᠤᠲᠤᠭ ᠳᠡᠪᠢᠰᠬᠡᠷ ᠳᠡᠭᠡᠷ᠎ᠡ ᠮᠠᠯᠴᠢᠳ ᠮᠥᠨ ᠬᠦ ᠤᠳᠤᠷ ᠢᠶᠠᠷ ᠶᠠᠪᠤᠬᠤ ᠤᠯᠠᠮᠵᠢᠯᠠᠯᠲᠤ ᠵᠠᠩᠰᠢᠯ ᠢᠶᠠᠨ ᠬᠠᠳᠠᠭᠠᠯᠠᠭᠰᠠᠭᠠᠷ ᠪᠠᠶᠢᠨ᠎ᠠ᠃      ᠵᠤᠨ ᠤ ᠳᠡᠯᠭᠡᠷ ᠤᠯᠠᠷᠢᠯ ᠤᠨ ᠵᠠᠷᠤᠳ ᠤᠨ ᠲᠠᠯ᠎ᠠ ᠨᠤᠲᠤᠭ ᠬᠥᠬᠡᠮᠳᠦᠭ ᠨᠣᠭᠤᠭᠠᠨ ᠠᠭᠤᠯᠠ ᠤᠰᠤ ᠡᠪᠡᠰᠤ ᠪᠡᠯᠴᠢᠭᠡᠷ ᠵᠢᠷᠤᠭ ᠮᠡᠲᠦ ᠭᠤᠶᠤ ᠪᠠᠶᠢᠳᠠᠭ᠃ ᠵᠢᠯ ᠪᠦᠷᠢ ᠶᠢᠨ 5 ᠰᠠᠷ᠎ᠠ ᠶᠢᠨ ᠰᠡᠭᠦᠯᠴᠢ᠂ 6 ᠰᠠᠷ᠎ᠠ ᠶᠢᠨ ᠡᠬᠢ ᠪᠠᠷ᠂ ᠭᠡᠷᠴᠢᠯᠠᠭᠤ ᠰᠤᠮᠤ ᠶᠢᠨ ᠮᠠᠯᠴᠢᠳ ᠥᠪᠡᠷ ᠤᠨ ᠭᠡᠷ ᠤᠨ ᠢᠶᠠᠨ ᠠᠳᠤᠭᠤ ᠮᠠᠯ ᠢᠶᠠᠨ ᠬᠥᠭᠡᠭᠡᠵᠦ ᠡᠯ᠎ᠡ ᠭᠠᠴᠠᠭᠠᠨ ᠤ ᠰᠠᠭᠤᠷᠢᠰᠢᠯ ᠤᠨ ᠭᠠᠵᠠᠷ ᠠᠴᠠ ᠪᠠᠨ ᠮᠣᠷᠳᠠᠵᠤ᠂ 100 ᠭᠠᠷᠤᠢ ᠺᠢᠯᠤᠮᠧᠲᠷ ᠠᠶᠠᠯᠠᠵᠤ᠂ ᠪᠡᠯᠴᠢᠭᠡᠷ ᠢᠶᠠᠨ ᠰᠣᠯᠢᠵᠤ ᠦᠩ ᠰᠢᠮᠡᠯᠢᠭ ᠡᠪᠡᠰᠦ ᠪᠡᠯᠴᠢᠭᠡᠷ ᠲᠠᠢ ᠵᠤᠨ ᠤ ᠤᠯᠠᠷᠢᠯ ᠤᠨ ᠮᠠᠯᠵᠢᠯ ᠤᠨ ᠲᠠᠯᠠᠪᠠᠢ ᠳᠤ ᠪᠠᠨ ᠰᠠᠭᠤᠷᠢᠰᠢᠵᠦ᠂ 4 ᠰᠠᠷ᠎ᠠ ᠭᠠᠷᠤᠢ ᠶᠢᠨ ᠵᠤᠨ ᠤ ᠮᠠᠯᠵᠢᠯ ᠤᠨ ᠠᠮᠢᠳᠤᠷᠠᠯ ᠢᠶᠠᠨ ᠡᠬᠢᠯᠡᠭᠦᠯᠳᠡᠭ᠃ ᠨᠠᠮᠤᠷ ᠪᠤᠯᠵᠦ ᠲᠡᠭᠷᠢ ᠬᠦᠢᠲᠡᠷᠡᠵᠦ᠂ ᠡᠪᠡᠰᠦ ᠪᠡᠯᠴᠢᠭᠡᠷ ᠰᠢᠷᠠᠯᠠᠭᠰᠠᠨ ᠤ ᠳᠠᠷᠠᠭ᠎ᠠ᠂ ᠲᠠᠷᠭᠤ ᠬᠦᠴᠦ ᠰᠠᠶᠢᠲᠠᠢ ᠦᠬᠡᠷ ᠬᠤᠨᠢ ᠪᠠᠨ ᠲᠠᠭᠤᠵᠦ ᠡᠪᠦᠯ ᠤᠨ ᠤᠯᠠᠷᠢᠯ ᠤᠨ ᠪᠠᠭᠤᠴᠠ ᠳᠠᠭᠠᠨ ᠪᠤᠴᠠᠳᠠᠭ᠃      ᠣᠶᠢᠯᠠᠭᠠᠭᠰᠠᠨ ᠢᠶᠠᠷ᠂ ᠡᠨᠡ ᠵᠢᠯ᠂ ᠭᠡᠷᠴᠢᠯᠠᠭᠤ ᠰᠤᠮᠤ ᠶᠢᠨ 16 ᠭᠠᠴᠠᠭᠠᠨ ᠤ 500 ᠭᠠᠷᠤᠢ ᠡᠷᠤᠭᠡ ᠮᠠᠯᠴᠢᠳ ᠭᠠᠴᠠᠭ᠎ᠠ ᠪᠤᠶᠤ ᠳᠤᠭᠤᠶᠢᠯᠠᠩ ᠢᠶᠠᠷ ᠨᠢᠭᠡᠴᠡ ᠪᠣᠯᠭᠠᠨ ᠪᠦᠯᠦᠭ ᠬᠤᠪᠢᠶᠠᠨ 5 ᠲᠦᠮᠡ ᠭᠠᠷᠤᠢ ᠠᠳᠤᠭᠤ ᠮᠠᠯ ᠢᠶᠠᠨ ᠲᠠᠭᠤᠵᠤ᠂ ᠡᠪᠦᠯ ᠤᠨ ᠤᠯᠠᠷᠢᠯ ᠳᠤ ᠬᠠᠰᠢᠶᠠᠯᠠᠨ ᠲᠡᠵᠢᠭᠡᠵᠦ ᠪᠠᠶᠢᠭᠰᠠᠨ ᠠᠴᠠ ᠪᠠᠨ ᠵᠣᠨ ᠤ ᠤᠯᠠᠷᠢᠯ ᠤᠨ ᠮᠠᠯᠵᠢᠯ ᠤᠨ ᠲᠠᠯᠠᠪᠠᠶ ᠳᠤ ᠵᠠᠯᠭᠠᠭ᠎ᠠ ᠪᠠᠷ ᠰᠢᠯᠵᠢᠬᠦ ᠪᠤᠯᠤᠨ᠎ᠠ᠃ ᠤᠯᠠᠨ ᠢᠶᠠᠷ ᠢᠶᠠᠨ ᠥᠪᠡᠷ ᠥᠪᠡᠷ ᠤᠨ ᠠᠵᠢᠯ ᠤᠨ ᠬᠤᠪᠢᠶᠠᠷᠢ ᠲᠠᠢ ᠪᠠᠶᠢᠵᠤ᠂ ᠮᠠᠰᠢᠨ ᠲᠡᠷᠭᠡ ᠵᠢᠯᠤᠭᠤᠳᠴᠤ᠂ ᠮᠠᠯ ᠤᠨᠤᠭ᠎ᠠ ᠪᠠᠨ ᠬᠦᠭᠡᠭᠡᠵᠦ᠂ ᠴᠠᠢ ᠪᠤᠳᠠᠭ᠎ᠠ ᠴᠢᠨᠠᠵᠤ ᠂ ᠰᠦᠷ ᠳᠠᠯᠠᠶᠢᠴᠠᠲᠠᠢ ᠨᠡᠭᠦᠳᠡᠯ ᠮᠠᠯᠵᠢᠯ ᠤᠨ ᠡᠩᠨᠡᠭᠡ ᠲᠠᠯ᠎ᠠ ᠨᠤᠲᠤᠭ ᠪᠠ ᠠᠭᠤᠯᠠ ᠰᠢᠭᠤᠢ ᠶᠢᠨ ᠳᠤᠮᠳᠠᠭᠤᠷ ᠠᠯᠭᠤᠷᠬᠠᠨ ᠤᠷᠤᠭᠰᠢᠯᠠᠵᠤ᠂ ᠮᠠᠰᠢ ᠰᠦᠷᠯᠢᠭ ᠦᠵᠡᠮᠵᠢ ᠲᠠᠢ ᠪᠠᠶᠢᠯ᠎ᠠ᠃        
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号