6 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠴᠢᠨᠳᠠᠮᠨᠤᠢ ᠰᠤᠮᠤᠨ ᠳᠤ ᠬᠦᠷᠴᠤ ᠪᠠᠶᠢᠴᠠᠭᠠᠨ | ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠦ᠋ ᠴᠢᠩ ᠬᠠᠢ ᠤᠷᠢᠳ ᠬᠤᠵᠢᠳ ᠪᠠᠶᠠᠨᠵᠢᠷᠤᠭᠡ ᠲᠡᠵᠢᠭᠡᠪᠤᠷᠢ ᠶᠢᠨ | ᠬᠤᠷᠰᠢᠶ᠎ᠠ᠂ ᠵᠢᠷᠤᠮᠳᠤ ᠲᠡᠵᠢᠭᠡᠪᠤᠷᠢ ᠶᠢᠨ ᠲᠠᠯᠠᠪᠠᠢ᠂ ᠵᠢᠷᠤᠨᠬᠤᠸᠠ ᠨᠠᠮ ᠤᠯᠠᠨ ᠲᠦᠮᠡᠨ ᠳᠤ ᠤᠶᠢᠯᠡᠴᠢᠯᠡᠬᠦ ᠲᠥᠪ᠂ | ᠵᠢᠷᠤᠨᠬᠤᠸᠠ ᠤᠯᠠᠭᠠᠨ ᠠᠮᠳᠠᠳᠤ ᠢᠳᠡᠭᠡᠨ ᠤ ᠦᠢᠯᠡᠳᠪᠦᠷᠢ ᠵᠡᠷᠭᠡ ᠭᠠᠵᠠᠷ ᠲᠤ ᠬᠦᠷᠪᠡ᠃ ᠠᠬᠤᠢ ᠭᠠᠵᠠᠷ ᠲᠤᠨᠢ | ᠰᠤᠷᠪᠤᠯᠵᠢᠯᠠᠬᠤ᠂ ᠰᠠᠭᠤᠳᠠᠯ ᠤᠨ ᠬᠤᠷᠠᠯ ᠬᠢᠬᠦ ᠪᠠᠷ ᠲᠠᠮᠵᠢᠨ᠂ ᠰᠤᠮᠤ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠵᠢᠴᠢ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ᠂ | ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠦᠷᠨᠢᠭᠦᠯᠤᠭ᠍ᠰᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ᠂ ᠠᠵᠤ ᠦᠢᠯᠡᠰ ᠤᠨ ᠬᠥᠭᠵᠢᠯᠲᠡ | ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠳᠤ ᠲᠥᠯᠥᠭᠡᠯᠡᠭᠴᠢᠳ ᠲᠠᠢ | ᠬᠠᠷᠢᠯᠴᠠᠬᠤ ᠥᠷᠲᠡᠭᠡ ︵ᠴᠡᠭ︶ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠪᠣᠳᠠᠲᠠᠢ ᠰᠠᠨᠠᠯ ᠰᠠᠨᠠᠭᠤᠯᠭ᠎ᠠ | ᠳᠤᠷᠠᠳᠪᠠ᠃ | | | |