ᠵᠠᠷᠤᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠡᠭᠦᠷ ᠬᠢᠨ ᠲᠦᠩᠯᠢᠶᠣᠣ ᠶᠢᠨ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠲᠥᠪ ᠲᠤ ᠬᠦᠷᠴᠦ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/21
    ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠬᠤᠰᠢᠭᠤ ᠬᠤᠶᠠᠷ ᠱᠠᠲᠤᠨ ᠤ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ  ᠬᠤᠯᠪᠣᠭ᠎ᠠ ᠪᠠᠶᠢᠭᠤᠯᠵᠤ ᠬᠠᠮᠲᠤ ᠪᠠᠷ ᠴᠣᠭᠴᠠᠯᠠᠬᠤ ᠠᠵᠢᠯ ᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠡᠭᠦᠷ ᠬᠢᠨ ᠲᠦᠩᠯᠢᠶᠣᠣ ᠶᠢᠨ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠲᠥᠪ ᠲᠤ ᠬᠦᠷᠴᠦ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠥᠷᠨᠢᠭᠦᠯᠪᠡ᠃
4e1ec6d39089117037ea855230048a9.jpg
    ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷᠴᠤᠳ ᠲᠤᠰ ᠨᠢᠭᠡᠴᠡ ᠶᠢᠨ ᠴᠢᠳᠠᠮᠵᠢ ᠶᠢᠨ ᠪᠠᠶᠢᠷᠢᠯᠠᠭᠤᠯᠤᠯᠲᠠ᠂ ᠠᠯᠪᠠᠯᠠᠬᠤ ᠣᠷᠴᠢᠨ ᠲᠣᠭᠤᠷᠢᠨ ᠪᠠ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠵᠡᠷᠭᠡ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠠᠷᠢᠨ ᠣᠶᠢᠯᠠᠭᠠᠵᠤ᠂ ᠡᠭᠦᠨ ᠤ ᠬᠠᠮᠲᠤ ᠲᠥᠪ ᠤᠨ ᠦᠵᠡᠭᠦᠯᠦᠯᠭᠡ ᠶᠢᠨ ᠲᠢᠩᠬᠢᠮ᠂ ᠨᠢᠭᠡ ᠦᠷᠳᠡᠭᠡᠯᠢᠭ ᠠᠯᠪᠠᠯᠠᠬᠤ ᠲᠥᠪ ᠪᠣᠯᠣᠨ ᠨᠠᠮ ᠤᠨ ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠲᠠᠰᠤᠭ ᠢ ᠲᠣᠭᠤᠷᠢᠨ ᠦᠵᠡᠵᠦ᠂ ᠨᠠᠮ ᠤᠨ ᠪᠠᠶᠢᠭᠤᠯᠤᠯᠲᠠ ᠶᠢ ᠠᠳᠬᠤᠨ ᠬᠥᠭᠵᠢᠯᠲᠡ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠪᠦᠯᠬᠦᠮ ᠤᠨ ᠪᠠᠶᠢᠭᠤᠯᠣᠣᠲᠠ ᠶᠢ ᠳᠠᠭᠠᠭᠤᠯᠬᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠭᠦᠨᠵᠡᠭᠡᠢ ᠠᠭᠤᠰᠤᠯᠴᠠᠭᠤᠯᠬᠤ᠂ ᠨᠠᠮ ᠤᠨ ᠭᠡᠰᠢᠭᠦᠨ ᠢ ᠬᠥᠮᠥᠵᠢᠭᠦᠯᠦᠨ ᠬᠠᠮᠢᠶᠠᠷᠬᠤ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠶᠢᠨ ᠦᠢᠯᠡᠳᠦᠯ ᠢ ᠪᠠᠳᠠᠷᠠᠭᠤᠯᠬᠤ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠬᠦ ᠪᠠ ᠨᠠᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠵᠡᠷᠭᠡ ᠣᠨᠴᠠᠯᠢᠭ ᠲᠠᠢ ᠬᠢᠯᠠᠰ ᠴᠡᠭ ᠤᠨ ᠠᠵᠢᠯ ᠤᠨ ᠰᠡᠳᠬᠢᠴᠡ᠂ ᠠᠷᠭ᠎ᠠ ᠬᠢᠳᠡᠯ ᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠪᠠ᠃
6c52b16164c9291031456fb89f1e50c.jpg
    ᠣᠶᠢᠯᠠᠭᠠᠭᠰᠠᠨ ᠢᠶᠠᠷ᠂ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠵᠤ ᠬᠠᠮᠲᠤ ᠪᠠᠷ ᠴᠣᠭᠴᠠᠯᠠᠬᠤ ᠠᠵᠢᠯᠯᠠᠭ᠎ᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭ᠎ᠠ ᠮᠥᠨ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠦᠴᠦᠲᠡᠢ ᠰᠢᠵᠢᠮ ᠮᠦᠨ᠂ ᠪᠠᠰᠠ ᠴᠤ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠬᠠᠷᠢᠯᠴᠠᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠲᠠ ᠬᠢᠭᠡᠳ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠠᠮᠲᠤ ᠪᠠᠷ ᠠᠬᠢᠭᠤᠯᠤᠨ᠂ ᠬᠠᠮᠲᠤ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠬᠤᠶᠠᠷ ᠲᠠᠯ᠎ᠠ ᠪᠠᠷ ᠢᠶᠠᠨ ᠬᠤᠯᠪᠣᠭ᠎ᠠ ᠪᠠᠶᠢᠭᠤᠯᠵᠤ ᠬᠠᠮᠲᠤ ᠪᠠᠷ ᠴᠣᠭᠴᠠᠯᠠᠬᠤ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂  ᠬᠤᠯᠪᠣᠭ᠎ᠠ ᠪᠠᠶᠢᠭᠤᠯᠵᠤ ᠬᠠᠮᠲᠤ ᠪᠠᠷ ᠴᠣᠭᠴᠠᠯᠠᠬᠤ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠬᠦᠪᠴᠢᠯᠡᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠡᠭᠦᠷ ᠲᠣᠰ ᠤᠳᠠᠭᠠᠨ ᠤ ᠬᠤᠯᠪᠣᠭ᠎ᠠ ᠪᠠᠶᠢᠭᠤᠯᠵᠤ ᠬᠠᠮᠲᠤ ᠪᠠᠷ ᠴᠣᠭᠴᠠᠯᠠᠬᠤ ᠠᠵᠢᠯᠯᠠᠭ᠎ᠠ ᠪᠠᠷ ᠰᠤᠷᠤᠯᠴᠠᠯᠭ᠎ᠠ ᠰᠣᠯᠢᠯᠴᠠᠭ᠎ᠠ ᠪᠠᠨ ᠴᠢᠩᠭᠠᠳᠬᠠᠬᠤ ᠴᠢᠬᠤᠯᠠ ᠲᠠᠪᠴᠠᠩ ᠪᠣᠯᠭᠠᠵᠤ᠂ ︽ᠬᠠᠨᠴᠤᠢ ᠰᠢᠮᠠᠯᠠᠨ ᠴᠢᠷᠮᠠᠶᠢᠨ ᠠᠵᠢᠯᠯᠠᠬᠤ︾ ᠡᠷᠴᠢ ᠵᠣᠷᠢᠭ ᠢᠶᠠᠨ ᠪᠠᠳᠠᠷᠠᠭᠤᠯᠵᠤ᠂ ︽ᠨᠢᠭᠡ ᠡᠳᠦᠷ ᠲᠤ ᠭᠤᠷᠪᠠᠨ ᠡᠳᠦᠷ ᠤᠨ ᠠᠵᠢᠯ ᠢ ᠬᠢᠬᠦ︾ ᠰᠦᠰᠤ ᠵᠣᠷᠢᠭ ᠪᠠᠷ᠂ ︽ᠲᠠᠰᠢᠭᠤᠷ ᠬᠡᠷᠡᠭᠯᠡᠬᠦ ᠦᠭᠡᠢ ᠥᠪᠡᠷ ᠢᠶᠠᠨ ᠴᠢᠷᠮᠠᠶᠢᠨ ᠠᠵᠢᠯᠯᠠᠬᠤ︾ ᠡᠷᠴᠢ ᠵᠣᠷᠢᠭ ᠢ ᠪᠠᠳᠠᠷᠠᠭᠤᠯᠵᠤ᠂ ᠦᠷ᠎ᠡ ᠪᠦᠲᠦᠮᠵᠢ ᠭᠠᠷᠭᠠᠵᠤ᠂ ᠬᠢᠯᠠᠰ ᠴᠡᠭ ᠢ ᠠᠳᠬᠤᠵᠤ᠂ ᠬᠤᠯᠪᠣᠭ᠎ᠠ ᠪᠠᠶᠢᠭᠤᠯᠵᠤ ᠬᠠᠮᠲᠤ ᠪᠠᠷ ᠴᠣᠭᠴᠠᠯᠠᠭᠰᠠᠨ ᠦᠷ᠎ᠡ ᠪᠦᠲᠦᠭᠡᠯ ᠢᠶᠠᠨ ᠭᠦᠢᠴᠡᠳ ᠠᠰᠢᠭᠯᠠᠨ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠣᠪᠣᠷ ᠰᠤᠷᠲᠠᠯ ᠢᠶᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号