ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠶᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠶᠠᠷᠢᠶᠠᠨ ᠤ ᠲᠠᠪᠴᠠᠩ ᠵᠢᠴᠢ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠬᠥᠭᠵᠢᠮ ᠤᠨ ᠶᠡᠭᠡ ᠴᠤᠭᠯᠠᠭ᠎ᠠ ᠶᠢᠨ ᠰᠠᠶᠢᠨ ᠳᠣᠷᠠᠴᠣᠳ ᠤᠨ ᠠᠵᠢᠯ ᠤᠨ ᠲᠣᠬᠢᠷᠠᠭᠤᠯᠣᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/6/21
    6 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠶᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠶᠠᠷᠢᠶᠠᠨ ᠤ ᠲᠠᠪᠴᠠᠩ ᠵᠢᠴᠢ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠬᠥᠭᠵᠢᠮ ᠤᠨ ᠶᠡᠭᠡ ᠴᠤᠭᠯᠠᠭ᠎ᠠ ᠶᠢᠨ ᠰᠠᠶᠢᠨ ᠳᠣᠷᠠᠴᠣᠳ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
17f12caf290e05b5dd6fe3ccb454a43.jpg
    ᠢᠦᠢ ᠯᠢᠩ ᠬᠤᠤ ᠴᠢᠬᠤᠯᠠᠴᠢᠯᠠᠭᠰᠠᠨ ᠨᠢ᠂ ᠬᠤᠶᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠶᠠᠷᠢᠶᠠᠨ ᠤ ᠲᠠᠪᠴᠠᠩ ᠵᠢᠴᠢ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠬᠥᠭᠵᠢᠮ ᠤᠨ ᠶᠡᠭᠡ ᠴᠤᠭᠯᠠᠭ᠎ᠠ ᠶᠢᠨ ᠡᠷᠬᠢᠯᠡᠬᠦ ᠪᠣᠯ ᠵᠠᠷᠣᠳ ᠤᠨ ᠳᠦᠷᠢ ᠲᠥᠷᠬᠦ ᠶᠢ ᠢᠯᠡᠷᠡᠭᠦᠯᠬᠦ ᠴᠢᠬᠤᠯᠠ ᠲᠠᠪᠴᠠᠩ ᠪᠣᠯᠣᠨ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠠᠬᠢᠭᠤᠯᠬᠤ ᠠᠰᠢᠭᠲᠠᠢ ᠠᠵᠠ ᠲᠣᠬᠢᠶᠠᠯ ᠪᠣᠯᠣᠨ᠎ᠠ᠃ ᠰᠠᠶᠢᠨ ᠳᠣᠷᠠᠴᠣᠳ ᠤᠨ ᠠᠵᠢᠯᠯᠠᠭ᠎ᠠ ᠪᠣᠯ ᠲᠤᠰ ᠤᠳᠠᠭᠠᠨ ᠤ ᠠᠵᠢᠯᠯᠠᠭ᠎ᠠ  ᠶᠢᠨ ᠡᠷᠬᠡᠪᠰᠢ ᠪᠦᠷᠢᠯᠳᠦᠭᠦᠯᠬᠦ ᠱᠠᠭᠠᠷᠳᠠᠯᠭ᠎ᠠ ᠮᠥᠨ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡ ᠪᠣᠯᠣᠨ ᠰᠠᠶᠢᠨ ᠳᠣᠷᠠᠴᠣᠳ ᠪᠣᠯ ᠪᠣᠯᠪᠠᠰᠤᠨ ᠵᠠᠷᠤᠳ᠂ ᠪᠠᠭ᠋ᠠᠷᠣᠮ᠎ᠠ ᠰᠠᠶᠢᠬᠠᠨ ᠵᠠᠷᠤᠳ ᠢ ᠳᠡᠯᠭᠡᠨ ᠦᠵᠡᠭᠦᠯᠬᠦ ᠪᠠᠰᠠ ᠨᠢᠭᠡᠨ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠮᠥᠨ᠃ ᠡᠯ᠎ᠡ ᠰᠠᠯᠠᠭ᠎ᠠ ᠮᠥᠴᠢᠷ ᠨᠢᠭᠡᠴᠡ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠠᠶᠢᠨ ᠳᠣᠷᠠᠴᠣᠳ ᠤᠨ ᠡᠩᠨᠡᠭᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠰᠠᠶᠢᠲᠤᠷ ᠪᠠᠶᠢᠭᠤᠯᠵᠤ᠂ ᠱᠠᠲᠤ ᠳᠠᠷᠠᠭᠠᠯᠠᠨ ᠬᠠᠷᠢᠭᠤᠴᠠᠬᠤ᠂ ᠲᠤᠰᠬᠠᠢ ᠬᠥᠮᠥᠨ ᠳᠤ ᠠᠵᠢᠯ ᠬᠤᠪᠢᠶᠠᠷᠢᠯᠠᠬᠤ ᠳᠦᠷᠢᠮ ᠢ ᠪᠠᠶᠢᠭᠤᠯᠤᠨ᠂ ᠪᠣᠳᠠᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠪᠡ᠃    ᠢᠦᠢ ᠯᠢᠩ ᠬᠤᠸ ᠱᠠᠭᠠᠷᠳᠠᠭᠰᠠᠨ ᠨᠢ᠂ ᠰᠠᠶᠢᠨ ᠳᠣᠷᠠᠴᠣᠳ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠡᠯᠰᠡᠵᠦ ᠂ ᠨᠢᠭᠡ ᠪᠦᠯᠦᠭ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠢ᠂ ᠳᠦᠷᠢ ᠲᠥᠷᠬᠦ ᠪᠠᠷ ᠰᠠᠶᠢᠨ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠵᠣᠷᠢᠭ ᠰᠠᠨᠠᠭ᠎ᠠ ᠲᠠᠢ ᠰᠠᠶᠢᠨ ᠳᠣᠷᠠᠴᠣᠳ ᠢ ᠡᠯᠰᠡᠵᠦ᠂ ᠰᠠᠶᠢᠨ ᠳᠣᠷᠠᠴᠣᠳ ᠤᠨ ᠡᠩᠨᠡᠭᠡ ᠶᠢ ᠦᠳᠲᠡᠷ ᠲᠦᠷᠭᠡᠨ ᠪᠠᠶᠢᠭᠤᠯᠬᠤ ᠬᠡᠷᠡᠭᠲᠡᠢ᠃ ᠰᠠᠶᠢᠨ ᠳᠣᠷᠠᠴᠣᠳ ᠤᠨ ᠪᠣᠯᠪᠠᠰᠤᠷᠠᠯ ᠤᠨ ᠠᠵᠢᠯ ᠨᠠᠷᠢᠨ ᠨᠢᠮᠪᠠᠢ ᠲᠥᠯᠥᠪᠵᠢᠭᠦᠯᠵᠦ᠂ ᠦᠢᠯᠡᠴᠢᠯᠡᠭᠡᠨ ᠤ ᠶᠠᠪᠤᠴᠠ᠂ ᠦᠢᠯᠡᠴᠢᠯᠡᠭᠡᠨ ᠤ ᠠᠭᠤᠯᠭ᠎ᠠ᠂ ᠠᠮᠤᠷ ᠲᠦᠪᠰᠢᠨ ᠤ ᠵᠦᠢᠯᠡᠰ ᠵᠡᠷᠭᠡ ᠠᠭᠤᠯᠭ᠎ᠠ ᠶᠢᠨ ᠪᠣᠯᠪᠠᠰᠤᠷᠠᠯ ᠢ ᠰᠠᠶᠢᠲᠤᠷ ᠬᠢᠬᠦ ᠶᠢᠨ ᠬᠠᠮᠲᠤ᠂ ᠦᠵᠡᠯ ᠤᠬᠠᠮᠰᠠᠷ ᠤᠨ ᠬᠡᠯᠪᠡᠷᠢ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠬᠠᠮᠢᠶ᠎ᠠ ᠪᠦᠬᠦᠢ ᠭᠤᠣᠯᠳᠠᠯᠭ᠎ᠠ ᠲᠠᠢ ᠪᠣᠯᠪᠠᠰᠤᠷᠠᠯ ᠢ ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ  ᠬᠢᠨ ᠰᠠᠶᠢᠨ ᠳᠣᠷᠠᠴᠣᠳ ᠢ ᠵᠣᠬᠢᠴᠠᠭᠤᠯᠤᠨ ᠵᠣᠬᠢᠶᠠᠨ ᠪᠠᠶᠢᠭᠤᠯᠬᠤ ᠠᠵᠢᠯᠯᠠᠭ᠎ᠠ ᠶᠢᠨ ᠡᠮᠦᠨ᠎ᠡ ᠬᠤᠶᠢᠨᠠᠬᠢ ᠡᠯ᠎ᠡ ᠵᠦᠢᠯ ᠤᠨ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠬᠠᠮᠵᠢᠯᠴᠠᠭᠤᠯᠬᠤ ᠶᠢᠨ ᠬᠠᠮᠲᠤ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠠᠶᠢᠨ  ᠳᠣᠷᠠᠴᠣᠳ ᠤᠨ ᠡᠮᠦᠨᠡᠬᠢ ᠬᠤᠭᠤᠴᠠᠭᠠᠨ ᠤ ᠪᠣᠯᠪᠠᠰᠣᠷᠠᠯ ᠤᠨ ᠠᠵᠢᠯ ᠢ ᠵᠣᠬᠢᠶᠠᠨ ᠪᠠᠶᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠂ ᠪᠣᠯᠪᠠᠰᠤᠨ ᠵᠢᠭᠤᠯᠴᠢᠯᠠᠯ᠂ ᠦᠨᠳᠦᠰᠦᠲᠡᠨ ᠤ ᠪᠦᠯᠬᠦᠮᠳᠡᠯ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠰᠠᠨᠠᠭᠠᠴᠢᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠠᠭᠤᠳᠠᠮ ᠲᠠᠯᠠᠪᠠᠶ᠂ ᠴᠡᠴᠡᠷᠯᠢᠭ ᠵᠡᠷᠭᠡ ᠬᠥᠮᠥᠨ ᠠᠮᠠ ᠲᠥᠪᠯᠡᠷᠡᠭᠰᠡᠨ ᠭᠠᠵᠠᠷ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠰᠠᠶᠢᠨ ᠳᠣᠷᠠᠴᠣᠳ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠤᠭᠤᠷᠣᠨᠳᠤ ᠪᠠᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠤᠨ ᠶᠣᠰᠣᠭᠠᠷ ᠂ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠲᠠᠯ᠎ᠠ ᠪᠠᠷ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠦᠷ᠎ᠡ ᠪᠦᠲᠦᠮᠵᠢ ᠲᠠᠢ ᠪᠠᠶᠢᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号