ᠮᠦ ᠲᠢᠶᠧ ᠮᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/6/25
    6 ᠰᠠᠷ᠎ᠠ ᠶᠢᠨ 23  ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠢᠮᠠᠭᠲᠠ ᠮᠡᠳᠡᠷᠡᠯ ᠢᠶᠠᠨ ᠴᠢᠩᠭᠠᠷᠠᠭᠤᠯᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠨᠢᠮᠪᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠯᠲᠠ ᠬᠢᠪᠡ᠃
5f3a77b30fbc086308cb104f2dc707c.jpg
    ᠮᠦ ᠲᠢᠶᠧ ᠮᠢᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠥᠪᠥᠷ ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠾᠧᠩ ᠶᠤᠸᠠᠨ ᠰᠢᠲᠠᠮᠠᠬᠠᠢ ᠬᠡᠢ ᠨᠡᠮᠡᠬᠦ ᠦᠷᠳᠡᠭᠡ᠂ ᠴᠠᠩ ᠹᠧᠩ ᠤᠯᠠᠨ ᠤᠯᠤᠰ ᠤᠨ ᠵᠣᠴᠢᠳ ᠤᠨ ᠪᠠᠭᠤᠳᠠᠯ᠂ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠤᠢ ᠲᠠᠯᠠᠪᠠᠢ᠂ ᠰᠢᠨ ᠲᠢᠶᠠᠨ ᠳ᠋ᠢ ᠬᠤᠳᠠᠯᠳᠤᠭᠠᠨ ᠤ ᠲᠠᠯᠠᠪᠠᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠠᠵᠤ ᠦᠢᠯᠡᠰ ᠤᠨ ᠲᠣᠭᠤᠷᠢᠭ᠂ ᠠᠶᠤᠯ ᠲᠠᠢ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ ︵ᠰᠢᠲᠠᠮᠠᠬᠠᠢ ᠬᠡᠢ ᠬᠡᠷᠡᠭᠯᠡᠬᠦ︶᠂ ᠪᠠᠷᠢᠯᠭ᠎ᠠ ᠶᠢᠨ ᠬᠦᠷᠢᠶ᠎ᠡ᠂ ᠬᠥᠮᠥᠨ ᠨᠢᠭᠲᠠᠷᠠᠭᠰᠠᠨ ᠭᠠᠵᠠᠷ ᠲᠠᠯᠠᠪᠤᠷ ᠤᠨ ᠠᠶᠣᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ᠃    ᠮᠦ ᠲᠢᠶᠧ ᠮᠢᠨ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠢᠶᠠᠷ ᠢᠶᠠᠨ ᠴᠠᠭ ᠢᠮᠠᠭᠲᠠ ᠠᠶᠤᠯᠭᠦᠢ ᠦᠢᠯᠡᠳᠪᠦᠷᠢᠯᠡᠯ ᠤᠨ ᠬᠥᠪᠴᠢ ᠪᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠨ ᠵᠠᠰᠠᠬᠤ ᠶᠢ ᠲᠠᠰᠤᠷᠠᠯᠳᠡ ᠦᠭᠡᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠦᠨ᠂ ᠡᠳ᠋ ᠪᠣᠳᠠᠰ ᠲᠥᠬᠦᠭᠡᠷᠦᠮᠵᠢ ᠶᠢ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠶᠢ ᠴᠢᠩᠭᠠᠳᠬᠠᠬᠤ ᠬᠡᠷᠡᠭᠲᠡᠢ᠃ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠢᠳᠡᠪᠬᠢᠲᠡᠢ ᠰᠠᠶᠢᠲᠤᠷ ᠠᠳᠬᠤᠵᠤ᠂ ᠠᠶᠤᠯᠲᠠᠢ ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠤ ᠲᠣᠬᠢᠷᠠᠭᠤᠯᠤᠯᠲᠠ ᠪᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠶᠤᠯᠲᠠᠢ ᠬᠢᠮᠢ ᠶᠢᠨ ᠪᠣᠳᠠᠰ ᠤᠨ ᠲᠤᠰᠬᠠᠢ ᠮᠡᠷᠭᠡᠵᠢᠯ ᠤᠨ ᠠᠵᠢᠯᠲᠠᠨ ᠤ ᠴᠢᠳᠠᠪᠤᠷᠢ ᠬᠡᠪ ᠴᠢᠨᠠᠷ ᠢ ᠣᠯᠠᠮ ᠨᠢᠭᠡ ᠠᠯᠬᠤᠮ ᠳᠡᠭᠡᠭᠰᠢᠯᠡᠭᠦᠯᠵᠦ ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠪᠡ᠃
364654420395f8270e8645e2b6c2868.jpg
    ᠮᠦ ᠲᠢᠶᠧ ᠮᠢᠨ ᠱᠠᠭᠠᠷᠳᠠᠭᠰᠠᠨ ᠨᠢ᠂ ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠪᠠ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠳᠤ ᠬᠤᠯᠪᠣᠭᠳᠠᠵᠤ ᠪᠠᠶᠢᠳᠠᠭ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠲᠤᠰᠬᠠᠶᠢᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠥᠷᠨᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠪᠠ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠠᠶᠤᠯᠭᠦᠢ ᠪᠠᠷ ᠰᠢᠲᠠᠮᠠᠬᠠᠢ ᠬᠡᠢ ᠬᠡᠷᠡᠭᠯᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠢᠳᠡᠭᠡᠨ ᠤᠮᠳᠠᠭᠠᠨ ᠤ ᠨᠢᠭᠡᠴᠢ ᠪᠣᠯᠣᠨ ᠥᠷᠭᠡᠨ ᠤᠯᠠᠨ ᠲᠦᠮᠡᠨ ᠤ ᠠᠶᠤᠯᠭᠦᠢ ᠶᠢᠨ ᠤᠬᠠᠮᠰᠠᠷ ᠪᠣᠯᠣᠨ ᠠᠳᠡᠯ ᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠨᠡᠮᠡᠭᠳᠡᠭᠦᠯᠵᠦ᠂ ︽ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ︾ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠤ ᠳᠠᠯᠲᠠ ᠭᠡᠮ ᠢ ᠪᠦᠬᠦ ᠲᠠᠯ᠎ᠠ ᠪᠠᠷ ᠪᠠᠶᠢᠴᠠᠭᠠᠵᠤ᠂ ᠪᠠᠷᠢᠯᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷ ᠢ ᠪᠦᠬᠦ ᠬᠦᠴᠦᠨ ᠢᠶᠠᠷ ᠢᠶᠠᠨ ᠨᠢᠭᠲᠠ ᠰᠦᠯᠵᠢᠬᠦ ᠬᠡᠷᠡᠭᠲᠡᠢ᠃ ᠬᠥᠮᠥᠨ ᠤᠯᠠᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠠᠶᠢᠴᠢᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨ ᠭᠡᠷ ᠪᠠᠶᠢᠰᠢᠩ ᠤᠨ ᠪᠦᠲᠦᠴᠡ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠤᠨ᠂ ︽ᠬᠤᠷᠢᠭ᠎ᠠ ᠱᠤᠭᠤᠮ ᠤᠨ ᠰᠡᠳᠬᠢᠬᠦᠢ︾ ᠪᠠ ︽ᠤᠯᠠᠭᠠᠨ ᠱᠤᠭᠤᠮ ᠤᠨ ᠤᠬᠠᠮᠰᠠᠷ︾ ᠢ ᠴᠢᠩᠭᠠᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号