| 6 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ ᠰᠢᠲᠠᠮᠠᠬᠠᠢ ᠬᠡᠢ ᠶᠢᠨ ᠬᠦᠷᠢᠶ᠎ᠡ ᠴᠠᠷ᠎ᠠ ᠶᠢᠨ ᠠᠮᠤᠷ | ᠲᠦᠪᠰᠢᠨ ᠤ ᠳᠠᠯᠲᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ | ᠠᠬᠢᠭᠤᠯᠬᠤ ᠬᠤᠷᠠᠯ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠢᠩᠰᠢᠶᠠ ᠶᠢᠨ ᠶᠢᠨᠴᠤᠸᠠᠨ ᠬᠤᠲᠠ ᠶᠢᠨ | ᠰᠢᠩ ᠴᠢᠩ ᠲᠣᠭᠤᠷᠢᠭ ᠤᠨ ᠹᠦ᠋ ᠶᠠᠩ ᠰᠢᠷᠠᠮᠠᠯ ᠢᠲᠡᠭᠡᠨ ᠤ ᠳᠡᠯᠭᠡᠭᠦᠷ ᠤᠨ ᠰᠢᠲᠠᠮᠠᠬᠠᠢ ᠬᠡᠢ ᠶᠢᠨ ᠳᠡᠯᠪᠡᠷᠡᠯᠲᠡ | ᠭᠠᠷᠣᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ᠂ ᠪᠥᠬᠦ ᠬᠤᠰᠢᠭᠤᠨ ᠤ | ᠰᠢᠲᠠᠮᠠᠬᠠᠢ ᠬᠡᠢ ᠶᠢᠨ ᠬᠦᠷᠢᠶ᠎ᠡ ᠴᠠᠷ᠎ᠠ ᠶᠢᠨ ᠠᠮᠤᠷ ᠲᠦᠪᠰᠢᠨ ᠤ ᠳᠠᠯᠲᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠴᠤ ᠵᠢᠱᠢᠭᠳᠡᠭᠴᠢ ᠵᠠᠩ ᠯᠢ ᠭᠦᠸᠧ ᠬᠤᠷᠠᠯ ᠡᠷᠭᠢᠯᠡᠵᠦ᠂ ᠬᠤᠰᠢᠭᠤᠨ ᠤ | ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠵᠠᠩ ᠯᠢ ᠭᠦᠸᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ ᠶᠢᠨ ᠬᠦᠷᠢᠶ᠎ᠡ ᠴᠠᠷ᠎ᠠ ᠳᠠᠬᠢ ᠳᠠᠯᠲᠠ ᠭᠡᠮ ᠤᠨ | ᠠᠰᠠᠭᠤᠳᠠᠯ ᠳᠤ ᠲᠤᠰᠬᠠᠢ ᠪᠠᠶᠢᠴᠠᠭᠠᠯᠲᠠ ᠬᠢᠵᠦ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠶᠢᠨ ᠬᠠᠮᠲᠤ | ᠡᠯ᠎ᠡ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠤ ᠠᠶᠤᠯᠭᠦᠢ ᠦᠢᠯᠡᠳᠪᠦᠷᠢᠯᠡᠯ ᠤᠨ | ᠪᠦᠬᠦ ᠲᠠᠯ᠎ᠠ ᠶᠢᠨ ᠪᠠᠶᠢᠴᠠᠭᠠᠯᠲᠠ ᠪᠠ ᠠᠮᠤᠷ ᠲᠦᠪᠰᠢᠨ ᠤ ᠳᠠᠯᠲᠠ ᠭᠡᠮ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ | ᠬᠢᠬᠦ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨ ᠡᠯ᠎ᠡ ᠰᠢᠲᠠᠮᠠᠬᠠᠢ | ᠬᠡᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ᠂ ᠲᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠲᠠᠯ᠎ᠠ ᠶᠢᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ | ᠬᠢᠵᠦ᠂ ᠵᠥᠭᠡᠯᠡᠨ ᠬᠤᠭᠤᠯᠠᠢ᠂ ᠳᠠᠷᠤᠯᠲᠠ ᠪᠠᠭᠤᠷᠠᠭᠤᠯᠬᠤ ᠨᠡᠭᠡᠯᠡᠭᠡᠢ᠂ ᠭᠤᠷᠪᠠ ᠶᠢ ᠨᠡᠪᠲᠡᠷᠡᠭᠦᠯᠬᠦ ᠵᠡᠷᠭᠡ ᠳᠠᠯᠳᠠ | ᠬᠡᠮ ᠤᠨ ᠠᠰᠠᠭᠤᠳᠠᠯ ᠣᠷᠣᠰᠢᠵᠤ ᠪᠠᠶᠢᠪᠠᠯ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠢ᠃ | ᠬᠤᠳᠠ ᠶᠢᠨ ᠲᠣᠭᠤᠷᠢᠭ ᠲᠠᠬᠢ ᠢᠳᠡᠭᠡᠨ ᠤᠮᠳᠠᠭᠠᠨ ᠤ ᠠᠵᠤ ᠠᠬᠤᠶᠢᠯᠠᠯ᠂ ᠬᠡᠢ ᠨᠡᠮᠡᠬᠦ ᠦᠷᠳᠡᠭᠡ᠂ ᠬᠡᠢ ᠰᠣᠯᠢᠬᠤ | ᠦᠷᠳᠡᠭᠡ᠂ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢᠨ ᠠᠵᠢᠯ ᠲᠦᠷᠦᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ | ᠳᠠᠷᠠᠭᠠᠯᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠰᠠᠭᠤᠳᠠᠯ ᠤᠨ ᠳᠠᠯᠲᠠ ᠭᠡᠮ ᠢ ᠨᠠᠷᠢᠨ | ᠬᠢᠨᠠᠮᠠᠭᠠᠢ ᠪᠠᠶᠢᠴᠠᠭᠠᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠰᠢᠲᠠᠮᠠᠬᠠᠢ ᠬᠡᠢ ᠶᠢᠨ ᠠᠵᠤ | ᠠᠬᠤᠶᠢᠯᠠᠯ ᠨᠢ ᠥᠪᠡᠷ ᠤᠨ ᠪᠠᠶᠢᠴᠠᠭᠠᠯᠲᠠ ᠬᠢᠵᠦ ᠥᠪᠡᠷ ᠢ ᠪᠠᠨ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠤᠬᠤᠶᠢᠵᠤ ᠪᠠᠶᠢᠭ᠎ᠠ ᠦᠶ᠎ᠡ ᠳᠤᠨᠢ ᠦᠨᠡᠨᠬᠦ ᠪᠣᠭᠤᠮᠢᠯᠠᠬᠤ | ᠬᠡᠷᠡᠭᠲᠡᠢ ᠭᠡᠪᠡ᠃ | ᠵᠠᠩ ᠯᠢ ᠭᠦᠸᠧ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ | ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠣᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠷᠢᠭ᠎ᠠ ᠱᠤᠭᠤᠮ ᠤᠨ ᠰᠡᠳᠬᠢᠬᠦᠢ᠂ ᠤᠯᠠᠭᠠᠨ | ᠱᠤᠭᠤᠮ ᠤᠨ ᠤᠬᠠᠮᠰᠠᠷ ᠢ ᠪᠠᠲᠤ ᠪᠤᠶ ᠪᠣᠯᠭᠠᠵᠤ᠂ ︽ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠦᠭᠦᠭᠡ | ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ | ᠡᠭᠦᠷᠭᠡᠯᠡᠵᠦ᠂ ︽ᠨᠢᠭᠡ ᠮᠥᠴᠡ ᠴᠦ ᠵᠣᠭᠰᠣᠬᠤ ᠦᠭᠡᠢ᠂ ᠨᠢᠭᠡ ᠴᠤ ᠠᠯᠳᠠᠰᠢ ᠭᠠᠷᠬᠤ ᠦᠭᠡᠢ᠂ ᠨᠢᠭᠡ ᠡᠳᠦᠷ | ᠴᠦ ᠰᠠᠭᠠᠲᠠᠭᠠᠵᠤ ᠪᠣᠯᠬᠤ ᠦᠭᠡᠢ︾ ᠪᠠᠶᠢᠬᠤ ᠳᠠᠶᠢᠨ ᠤ ᠪᠠᠶᠢᠳᠠᠯ ᠢ ᠢᠮᠠᠭᠲᠠ ᠪᠠᠲᠤᠯᠠᠵᠤ᠂ ᠦᠵᠡᠯ ᠰᠠᠨᠠᠭ᠎ᠠ | ᠲᠠᠨᠢᠯᠲᠠ ᠪᠠᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢ ᠠᠷᠢᠯᠭᠠᠬᠤ ᠶᠢ ᠦᠨᠡᠨ ᠬᠦ ᠪᠠᠲᠤᠯᠠᠵᠤ᠂ ᠢᠯᠠᠩᠭᠤᠶ᠎ᠠ ᠮᠠᠨ ᠤ | ᠬᠤᠰᠢᠭᠤ ᠤᠳᠠᠯ ᠦᠭᠡᠢ ᠵᠢᠭᠤᠯᠴᠢᠯᠠᠯ ᠤᠨ ᠬᠥᠭᠵᠢᠯᠲᠡᠢ ᠤᠯᠠᠷᠢᠯ ᠢᠶᠠᠨ ᠤᠭᠲᠣᠬᠤ ᠭᠡᠵᠦ ᠪᠠᠶᠢᠭ᠎ᠠ ᠦᠶ᠎ᠡ ᠳᠤ᠂ | ᠵᠠᠷᠤᠳ ᠬᠤᠰᠢᠭᠤᠨ ᠤ ᠰᠠᠶᠢᠨ ᠰᠠᠶᠢᠬᠠᠨ ᠳᠦᠷᠢ ᠲᠥᠷᠬᠦ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢᠯᠡᠷᠡᠭᠦᠯᠦᠭᠰᠡᠨ ᠠᠵᠤ | ᠠᠬᠤᠶᠢᠯᠠᠯ ᠢ ᠰᠢᠢᠳᠭᠡᠬᠦ ᠵᠣᠬᠢᠪᠠᠰᠤ ᠪᠦᠬᠦᠨ ᠢ ᠨᠢ ᠰᠢᠢᠳᠭᠡᠵᠦ᠂ ᠡᠭᠦᠳᠡ ᠶᠢ ᠨᠢ ᠬᠠᠭᠠᠵᠤ ᠵᠣᠭᠰᠤᠭᠠᠬᠤ ᠵᠣᠬᠢᠪᠠᠰᠦ | ᠪᠦᠬᠦᠨ ᠢ ᠨᠢ ᠵᠣᠭᠰᠣᠭᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠠᠵᠤ ᠠᠬᠤᠶᠢᠯᠠᠯ ᠤᠨ ᠬᠠᠤᠯᠢ | ᠬᠡᠷᠡᠭᠵᠢᠭᠦᠯᠦᠯᠲᠡ ᠭᠡᠵᠦ ᠰᠦᠷᠳᠡᠭᠦᠯᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠪᠠᠰᠠ ᠡᠶᠡᠯᠳᠡᠭ ᠢᠶᠠᠷ ᠬᠠᠤᠯᠢ | ᠬᠡᠷᠡᠭᠵᠢᠭᠦᠯᠬᠦ ᠶᠢ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠵᠤ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨ | ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠬᠠᠮᠲᠤᠷᠠᠨ ᠬᠥᠳᠡᠯᠦᠯᠴᠡᠬᠦ ᠶᠢ ᠪᠥᠬᠦ ᠲᠠᠯ᠎ᠠ ᠪᠠᠷ | ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠪᠠ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠤ ᠴᠢᠭᠯᠡᠭᠦᠯᠦᠨ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠵᠤ | ᠂ ᠦᠨᠡᠨᠬᠦ ᠶᠠᠪᠤᠭᠳᠠᠭᠤᠰᠢᠲᠠᠢ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠶᠢ ᠲᠣᠭᠲᠠᠭᠠᠨ ᠲᠡᠭᠦᠯᠳᠡᠷᠵᠢᠭᠦᠯᠵᠦ᠂ | ᠴᠡᠭᠴᠡᠯᠡᠨ ᠰᠠᠶᠢᠵᠢᠷᠠᠭᠤᠯᠬᠤ ᠪᠢᠲᠡᠭᠦᠦ ᠴᠠᠭᠠᠷᠢᠭ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠤᠬᠠᠭᠤᠯᠵᠤ ᠬᠥᠲᠥᠯᠥᠨ ᠵᠢᠯᠤᠭᠤᠳᠬᠤ ᠶᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠳᠡᠭᠡᠳᠦ ᠱᠠᠲᠤᠨ ᠤ | ᠰᠢᠲᠠᠮᠠᠬᠠᠢ ᠬᠡᠢ ᠶᠢᠨ ᠬᠦᠷᠢᠶ᠎ᠡ ᠪᠣᠯᠣᠨ ᠠᠶᠣᠯᠭᠦᠢ ᠦᠢᠯᠡᠳᠪᠦᠷᠢᠯᠡᠯ ᠤᠨ ᠠᠵᠢᠯ ᠤᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ ᠭᠦᠢᠴᠡᠳ ᠣᠶᠢᠯᠠᠭᠠᠵᠤ᠂ ᠠᠵᠤ | ᠠᠬᠤᠶᠢᠯᠠᠯ ᠠᠴᠠ ᠣᠯᠠᠨ ᠲᠦᠮᠡᠨ ᠳᠤ ᠦᠢᠯᠡᠴᠢᠯᠡᠭᠡ ᠬᠠᠩᠭᠠᠬᠤ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠭᠤᠣᠯ ᠴᠣᠭᠴᠠ ᠳᠤ ᠬᠢᠨᠠᠯᠲᠠ ᠲᠠᠯᠪᠢᠬᠤ ᠶᠠᠪᠤᠴᠠ | ᠪᠠ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢᠶᠠᠷ ᠳᠠᠮᠵᠢᠨ᠂ ᠠᠶᠤᠯᠭᠦᠢ ᠦᠢᠯᠡᠳᠪᠦᠷᠢᠯᠡᠯ ᠤᠨ | ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ᠂ ᠦᠯᠡᠳᠡᠭᠡᠯ ᠦᠭᠡᠢ ᠰᠠᠶᠢᠲᠤᠷ ᠬᠢᠵᠦ᠂ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠪᠣᠯᠣᠨ ᠤᠯᠠᠨ ᠲᠦᠮᠡᠨ ᠤ ᠰᠢᠲᠠᠮᠠᠬᠠᠢ ᠬᠡᠢ | ᠬᠡᠷᠡᠭᠯᠡᠬᠦ ᠵᠡᠷᠭᠡ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠡᠵᠡᠮᠰᠢᠬᠦ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ | ᠳᠦᠷᠢᠮᠵᠢᠭᠦᠯᠬᠦ᠂ ᠪᠠᠶᠢᠩᠭᠤᠵᠢᠭᠤᠯᠬᠤ᠂ ᠦᠷᠭᠦᠯᠵᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠨ᠂ ᠠᠶᠤᠯᠭᠦᠢ | ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠰᠠᠶᠢᠨ ᠣᠷᠴᠢᠯ ᠢ | ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠪᠠᠰᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠠᠯᠪᠠᠨ ᠲᠢᠩᠬᠢᠮ ᠤᠨ ᠰᠢᠲᠠᠮᠠᠬᠠᠢ ᠬᠡᠢ ᠶᠢᠨ ᠵᠥᠭᠡᠯᠡᠨ ᠭᠤᠮ ᠬᠤᠭᠤᠯᠠᠢ ᠶᠢᠨ ᠠᠮᠤᠷ ᠲᠦᠪᠰᠢᠨ ᠤ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠮᠡᠳᠡᠭᠳᠡᠯ ᠵᠢᠴᠢ ᠲᠦᠩᠯᠢᠶᠣᠣ ᠬᠤᠲᠠ ᠶᠢᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ | ᠬᠦᠷᠢᠶ᠎ᠡ ᠴᠠᠷ᠎ᠠ ᠳᠠᠬᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠬᠠᠢ | ᠪᠠᠴᠢᠮ ᠮᠡᠳᠡᠭᠳᠡᠯ ᠢ ᠤᠯᠠᠮᠵᠢᠯᠠᠪᠠ︔ ᠬᠤᠷᠠᠯ ᠳᠤ ᠣᠷᠣᠯᠴᠠᠭᠰᠠᠳ ᠪᠦᠭᠦ ᠬᠤᠰᠢᠭᠤᠨ ᠤ ᠭᠤᠣᠯᠳᠠᠯᠭ᠎ᠠ ᠲᠠᠢ ᠠᠵᠢᠯ | ᠲᠦᠷᠤᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠠᠮᠤᠷ ᠲᠦᠪᠰᠢᠨ ᠤ ᠳᠠᠯᠲᠠ ᠬᠡᠮ ᠢ ᠪᠠᠶᠢᠴᠠᠭᠠᠭᠰᠠᠨ ᠪᠠᠶᠢᠳᠠᠯ | ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠲᠣᠪᠴᠢ ᠮᠡᠳᠡᠭᠦᠯᠦᠯᠲᠡ ᠬᠢᠪᠡ᠃ | | | | | |