ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠢᠩ ᡁᠢ ᠭᠠᠩ ᠨᠠᠰᠣᠲᠠᠨ ᠤ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/6/26
    ᠡᠨᠡ ᠵᠢᠯ ᠤᠨ 6 ᠰᠠᠷ᠎ᠠ ᠪᠣᠯ ᠠᠶᠤᠯᠭᠦᠢ ᠦᠢᠯᠡᠳᠪᠦᠷᠢᠯᠡᠯ ᠤᠨ 22 ᠳ᠋ᠤᠭᠠᠷ ᠰᠠᠷ᠎ᠠ ᠪᠣᠯᠣᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠣᠲᠠᠨ ᠤ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠣᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠪᠠᠲᠣᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠲᠣᠭᠲᠠᠭᠠᠵᠤ᠂ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠡᠷᠡᠰ ᠬᠤᠷᠢᠭᠯᠠᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠢᠩ ᡁᠢ ᠭᠠᠩ ᠪᠥᠬᠦ ᠬᠤᠰᠢᠭᠤᠨ ᠤ ᠨᠠᠰᠣᠲᠠᠨ ᠤ  ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠳᠤ ᠰᠤᠭᠤᠴᠢᠨ ᠪᠠᠶᠢᠴᠠᠭᠠᠯᠲᠠ ᠬᠢᠪᠡ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠯᠲᠠ ᠬᠢᠪᠡ᠃    ᠲᠤᠰ ᠤᠳᠠᠭᠠᠨ ᠤ ᠪᠠᠶᠢᠴᠠᠭᠠᠯᠲᠠ ᠳᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠮᠠᠨ ᠤ ᠬᠤᠰᠢᠭᠤᠨ ᠤ  ᠨᠠᠰᠣᠲᠠᠨ ᠤ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠢᠳᠡᠭᠡᠨ ᠤ ᠠᠷᠢᠭᠤᠨ ᠴᠡᠪᠡᠷ᠂ ᠠᠵᠢᠯᠲᠠᠨ ᠤ ᠵᠢᠵᠢᠭᠦᠷᠯᠡᠨ ᠰᠠᠬᠢᠬᠤ ᠵᠢᠴᠢ ᠳᠣᠲᠣᠭᠠᠳᠤ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠪᠡ᠃ ᠡᠭᠦᠨ ᠤ ᠵᠡᠷᠭᠡ ᠳᠤ ᠨᠠᠰᠣᠲᠠᠨ ᠤ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠥᠬᠦ ᠠᠵᠢᠯᠲᠠᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠨᠠᠰᠣᠲᠠᠨ ᠤ ᠠᠰᠠᠷᠠᠮᠵᠢ ᠶᠢᠨ ᠪᠠᠶᠢᠭᠤᠯᠤᠮᠵᠢ ᠪᠠ ᠦᠢᠯᠡᠴᠢᠯᠡᠬᠦ ᠡᠲᠡᠭᠡᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠳ᠋ᠢᠩ ᡁᠢ ᠭᠠᠩ ᠨᠥᠬᠦᠷ ᠴᠢᠬᠤᠯᠠᠴᠢᠯᠠᠭᠰᠠᠨ ᠨᠢ᠂ ᠠᠮᠤᠷ ᠲᠦᠪᠰᠢᠨ ᠳᠤ ᠪᠠᠭ᠎ᠠ ᠤᠴᠢᠷ ᠭᠡᠵᠦ ᠦᠭᠡᠢ᠂ ᠡᠯ᠎ᠡ ᠨᠠᠰᠣᠲᠠᠨ ᠤ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ︾ ᠭᠡᠬᠦ ᠤᠯᠤᠰ ᠲᠥᠷᠥ ᠶᠢᠨ ᠰᠣᠨᠣᠷ ᠰᠡᠷᠡᠮᠵᠢ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠦᠭᠰᠢᠭᠦᠷᠢ ᠶᠢ ᠠᠷᠢᠯᠭᠠᠬᠤ ᠶᠢ ᠪᠣᠳᠠᠲᠠᠶᠢᠵᠢᠭᠤᠯᠵᠤ᠂ ᠲᠦᠭᠰᠢᠭᠦᠷᠢ ᠶᠢᠨ ᠳᠠᠯᠲᠠ ᠬᠡᠮ ᠢ ᠴᠤᠬᠤᠶᠢᠵᠤ ᠦᠶ᠎ᠡ ᠳᠤᠨᠢ ᠡᠷᠡᠰ ᠪᠣᠭᠤᠮᠢᠯᠠᠵᠤ᠂ ᠨᠠᠰᠤᠲᠠᠶᠢᠴᠤᠳ ᠲᠤ ᠠᠮᠤᠷ ᠲᠦᠪᠰᠢᠨ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠪᠡ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨ ᠦᠷᠭᠦᠯᠵᠢᠯᠡᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ ᠡᠯ᠎ᠡ ᠨᠠᠰᠣᠲᠠᠨ ᠤ ᠠᠰᠠᠷᠠᠮᠵᠢ ᠶᠢᠨ ᠪᠠᠶᠢᠭᠤᠯᠤᠮᠵᠢ ᠶᠢ ᠱᠠᠭᠠᠷᠳᠠᠨ ᠪᠠᠶᠢᠴᠠᠭᠠᠯᠲᠠ ᠶᠢᠨ ᠳᠤᠮᠳᠠ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠠᠭ ᠲᠤᠬᠠᠢ  ᠳᠤᠨᠢ ᠴᠡᠭᠴᠡᠯᠡᠨ ᠥᠭᠡᠷᠡᠴᠢᠯᠡᠵᠦ ᠨᠠᠰᠣᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠵᠤ᠂ ᠨᠠᠰᠣᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号