ᠵᠠᠷᠤᠳ ᠬᠤᠰᠢᠭᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠲᠤᠰᠬᠠᠢ ᠢᠯᠭᠠᠷᠠᠭᠤᠯᠤᠨ ᠴᠡᠭᠴᠡᠯᠡᠵᠦ ᠵᠣᠬᠢᠴᠠᠭᠤᠯᠤᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/6/26
    6 ᠰᠠᠷ᠎ᠠ ᠶᠢᠨ 24 ᠤ ᠡᠳᠦᠷ᠂ ᠵᠠᠷᠤᠳ ᠬᠤᠰᠢᠭᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠲᠤᠰᠬᠠᠢ ᠢᠯᠭᠠᠷᠠᠭᠤᠯᠤᠨ ᠴᠡᠭᠴᠡᠯᠡᠬᠦ ᠶᠢ ᠵᠣᠬᠢᠴᠠᠭᠤᠯᠤᠨ ᠠᠬᠢᠭᠤᠯᠬᠤ ᠬᠤᠷᠠᠯ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠣᠭᠰᠠᠨ ᠵᠢᠱᠢᠭᠳᠡᠭᠴᠢ ᠵᠠᠩ ᠯᠢ ᠭᠦᠸᠧ ᠬᠤᠷᠠᠯ ᠢ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠪᠥᠬᠦ ᠬᠤᠰᠢᠭᠤᠨ ᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠴᠡᠭᠴᠡᠯᠡᠨ ᠰᠠᠶᠢᠵᠢᠷᠠᠯᠠᠭᠤᠯᠣᠭᠠᠳᠣᠢ ᠠᠰᠠᠭᠤᠳᠠᠯ ᠢ ᠵᠦᠢᠯ ᠳᠠᠷᠠᠭᠠᠯᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ᠂ ᠴᠡᠭᠴᠡᠯᠡᠨ ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠪᠠ᠃    ᠵᠠᠩ ᠯᠢ ᠭᠦᠸᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ  ᠬᠡᠷᠡᠭᠯᠡᠭᠰᠡᠨ ᠢ ᠲᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠪᠠ ᠬᠠᠲᠠᠭᠤ ᠪᠡᠷᠬᠡ ᠡᠭᠦᠷᠭᠡ ᠶᠢ ᠭᠦᠨᠵᠡᠭᠡᠢ ᠲᠠᠨᠢᠵᠤ᠂ ᠤᠯᠠᠭᠠᠨ ᠱᠤᠭᠤᠮ ᠤᠨ ᠦᠵᠡᠯ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠦᠨᠡᠨᠬᠦ ᠴᠢᠩᠭᠠᠳᠬᠠᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠠᠪᠴᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠢ ᠴᠡᠭᠴᠡᠯᠡᠨ ᠵᠠᠰᠠᠬᠤ ᠠᠵᠢᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠬᠤ ᠬᠡᠷᠡᠭᠲᠡᠢ᠃ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠨᠢᠭᠡᠨᠲᠡ ᠲᠣᠭᠲᠠᠭᠠᠭᠰᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢᠴᠢ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠢ ᠪᠠᠶᠢᠴᠠᠭᠠᠨ ᠰᠢᠢᠳᠪᠦᠷᠢᠯᠡᠬᠦ᠂ ᠨᠤᠷᠠᠭᠠᠵᠤ ᠳᠠᠬᠢᠨ ᠬᠠᠭᠠᠯᠪᠤᠷᠢᠯᠠᠬᠤ᠂ ᠲᠥᠯᠥᠪᠵᠢᠭᠦᠯᠦᠨ ᠲᠣᠬᠢᠷᠠᠭᠤᠯᠬᠤ᠂ ᠳᠠᠩᠰᠠ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ᠂ ᠰᠢᠯᠵᠢᠭᠦᠯᠦᠨ ᠲᠠᠲᠠᠪᠤᠷᠢᠯᠠᠬᠤ᠂ ᠭᠠᠵᠠᠷ ᠬᠠᠩᠭᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠠᠷᠭ᠎ᠠ ᠬᠡᠮᠵᠢᠶ᠎ᠡ᠂ ᠴᠠᠭ ᠬᠤᠭᠤᠴᠠᠭ᠎ᠠ᠂ ᠠᠵᠢᠯᠲᠠᠨ ᠤ ᠲᠠᠯ᠎ᠠ ᠪᠠᠷ ᠤᠯᠠᠮ ᠨᠢᠭᠡ ᠠᠯᠬᠤᠮ ᠪᠣᠳᠠᠲᠠᠢ ᠪᠠᠷ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠶᠠᠪᠤᠴᠠ ᠳᠤ ᠲᠠᠩᠰᠠ ᠡᠪᠬᠡᠮᠡᠯ ᠦᠭᠡᠢ᠂ ᠰᠠᠯᠤᠩᠭᠢᠷᠠᠬᠤ ᠦᠭᠡᠢ᠂ ᠲᠦᠭᠵᠢᠷᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠵᠢᠭᠰᠠᠭᠠᠵᠤ᠂ ᠨᠢᠭᠡ ᠨᠢᠭᠡ ᠪᠠᠷ ᠳ᠋ᠤᠭᠠᠷ ᠬᠠᠰᠤᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ  ᠶᠢ ᠰᠤᠷᠤᠯᠴᠠᠨ ᠡᠵᠡᠮᠰᠢᠬᠦ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠬᠠᠮᠲᠤ᠂ ᠭᠠᠴᠠᠭ᠎ᠠ ᠲᠣᠰᠬᠤᠨ ᠤ ᠺᠠᠳ᠋ᠷ ᠢ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ  ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠲᠠᠯ᠎ᠠ ᠪᠠᠷ ᠦᠯᠡᠳᠡᠭᠡᠯ ᠬᠡᠮᠵᠢᠶ᠎ᠡ ᠪᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠡᠮᠬᠢᠯᠡᠨ ᠳᠢᠭᠯᠡᠵᠦ ᠭᠠᠷᠭᠠᠭᠰᠠᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠨ ᠠᠰᠠᠭᠤᠳᠠᠯ ᠢ ᠰᠤᠯᠠᠷᠠᠭᠤᠯᠤᠯ ᠦᠭᠡᠢ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠨᠥᠭᠦᠭᠡ ᠲᠠᠯ᠎ᠠ ᠪᠠᠷ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠠᠳᠬᠤᠨ᠂ ᠰᠢᠨ᠎ᠡ ᠪᠠᠷ ᠨᠡᠮᠡᠭᠳᠡᠭᠰᠡᠨ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠶᠯᠡ ᠠᠵᠢᠯᠯᠠᠭ᠎ᠠ ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠵᠤ᠂ ᠬᠠᠤᠯᠢ ᠵᠥᠷᠢᠴᠡᠨ ᠭᠠᠵᠠᠷ ᠬᠡᠷᠡᠭᠯᠡᠬᠦ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠵᠤ᠂ ᠠᠮᠢ ᠠᠬᠤᠢ ᠪᠠ ᠬᠥᠭᠵᠢᠯᠲᠡ ᠶᠢᠨ ᠬᠤᠶᠠᠷ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ︽ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠂ ᠦᠯᠡᠳᠡᠭᠡᠯ ᠬᠡᠮᠵᠢᠶ᠎ᠡ ᠪᠠᠨ ᠬᠠᠰᠤᠵᠤ᠂ ᠵᠠᠰᠠᠬᠤ ᠶᠢ ᠠᠳᠬᠤᠨ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠴᠢᠬᠤᠯᠠᠴᠢᠯᠠᠬᠤ︾ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号