| ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠵᠦ᠂ ᠬᠥᠳᠡᠭᠡ ᠲᠣᠰᠬᠤᠨ ᠤ | ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ | ᠵᠠᠮ ᠢ ᠥᠷᠭᠡᠳᠬᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠫᠢᠩ | ᠠᠨ ᠲᠣᠰᠬᠤᠨ ᠤ ᠬᠢᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠰᠢᠵᠢᠮ ᠪᠣᠯᠭᠠᠵᠤ᠂ ᠭᠠᠵᠠᠷ ᠰᠢᠷᠣᠢ | ᠳᠠᠭᠠᠭᠠᠴᠢᠯᠠᠬᠤ ᠲᠣᠮᠣ ᠡᠷᠦᠬᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠵᠠᠷ ᠰᠢᠷᠣᠢ ᠶᠢᠨ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ︽ᠠᠯᠳᠠᠨ | ᠲᠦᠯᠬᠢᠭᠦᠷ︾ ᠢᠶᠠᠷ ᠬᠥᠳᠡᠭᠡ ᠲᠣᠰᠬᠤᠨ ᠤ ︽ᠪᠠᠶᠠᠵᠢᠯ ᠤᠨ ᠡᠭᠦᠳᠡ︾ ᠶᠢ ᠨᠡᠭᠡᠭᠡᠭᠰᠡᠨ ᠪᠠᠶᠢᠨ᠎ᠠ᠃ | | | ᠫᠢᠩ ᠠᠨ ᠲᠣᠰᠬᠤᠨ ᠤ ᠬᠤᠩ ᠰᠢᠨ ᠲᠠᠷᠢᠮᠠᠯ ᠤᠨ ᠬᠤᠷᠰᠢᠶ᠎ᠠ ᠶᠢᠨ ᠨᠡᠷᠡᠨ ᠬᠤᠸᠠᠷ ᠤᠨ ᠲᠠᠷᠢᠮᠠᠯ ᠤᠨ | ᠰᠠᠭᠤᠷᠢᠨ ᠳᠤ ᠬᠦᠷᠬᠦ ᠳᠤ᠂ 50 ᠭᠠᠷᠤᠢ ᠠᠵᠢᠯᠲᠠᠨ ᠨᠡᠷᠡᠨ ᠬᠤᠸᠠᠷ ᠤᠨ ᠲᠠᠷᠢᠮᠠᠯ ᠤᠨ ᠲᠤᠰᠬᠠᠢ ᠪᠠᠭᠠᠵᠢ ᠪᠠᠨ | ᠬᠤᠷᠤᠶᠢᠯᠠᠵᠤ᠂ ᠪᠣᠯᠪᠠᠰᠤᠷᠠᠩᠭᠤᠢ ᠪᠠᠷ ᠨᠦᠬᠡ ᠮᠠᠯᠲᠠᠵᠤ᠂ ᠦᠷ᠎ᠡ ᠰᠠᠴᠤᠵᠤ᠂ ᠬᠡᠳᠦᠨ ᠦᠷ᠎ᠡ ᠬᠠᠶᠠᠬᠤ ᠮᠠᠰᠢᠨ | ᠡᠮᠬᠢ ᠳᠢᠭᠯᠢᠮ ᠲᠠᠢ ᠪᠠᠷ ᠠᠵᠢᠯᠯᠠᠵᠤ᠂ ᠮᠥᠬᠦᠯᠢᠭ ᠮᠥᠬᠦᠯᠢᠭ ᠨᠡᠷᠡᠨ ᠬᠤᠸᠠᠷ ᠤᠨ ᠦᠷ᠎ᠡ ᠶᠢ ᠬᠥᠷᠥᠰᠥᠨ ᠳᠤ | ᠰᠠᠴᠤᠵᠤ᠂ ᠲᠠᠷᠢᠶᠠᠨ ᠭᠠᠵᠠᠷ ᠲᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠪᠡ᠃ | | | ᠲᠣᠰᠬᠤᠨ ᠤ ᠠᠷᠠᠳ ᠯᠢᠦ ᠱᠤ᠋ ᠶᠠᠨ ᠡᠨᠡ ᠵᠢᠯ ᠥᠪᠡᠷ ᠤᠨ ᠬᠦᠨᠡᠰᠦᠨ ᠠᠮᠤ ᠶᠢᠨ ᠲᠠᠷᠢᠶ᠎ᠠ ᠪᠠᠨ ᠮᠦ ᠪᠦᠷᠢ | 800 ᠲᠥᠭᠦᠷᠢᠭ ᠤᠨ ᠦᠨ᠎ᠡ ᠪᠠᠷ ᠬᠤᠩ ᠰᠢᠨ ᠲᠠᠷᠢᠮᠠᠯ ᠤᠨ ᠬᠤᠷᠰᠢᠶ᠎ᠠ ᠳᠤ ᠡᠵᠡᠩᠨᠡᠯᠲᠡ ᠶᠢᠨ ᠡᠷᠬᠡ ᠪᠠᠨ | ᠰᠢᠯᠵᠢᠭᠦᠯᠦᠨ ᠥᠭᠪᠡ᠃ ︽ᠡᠨᠡ ᠵᠢᠯ ᠮᠠᠨ ᠤ ᠭᠡᠷ 24 ᠮᠦ ᠲᠠᠷᠢᠶ᠎ᠠ ᠪᠠᠨ ᠡᠷᠭᠢᠯᠲᠡ ᠳᠤ ᠣᠷᠣᠭᠤᠯᠵᠤ᠂ ᠮᠦ | ᠪᠦᠷᠢ ᠲᠠᠷᠢᠶ᠎ᠠ ᠶᠢ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠢᠯᠡᠭᠦᠦ 200 ᠲᠥᠭᠦᠷᠢᠭ ᠨᠡᠮᠡᠭᠳᠡᠵᠦ᠂ | ᠲᠠᠷᠢᠶᠠᠯᠠᠬᠤ ᠶᠢᠨ ᠥᠪᠡᠷ ᠤᠨ ᠥᠷᠲᠡᠭ ᠢ ᠠᠷᠪᠢᠯᠠᠭᠰᠠᠨ ᠢᠶᠠᠷ ᠪᠠᠷᠠᠬᠤ ᠦᠭᠡᠢ ᠪᠠᠰᠠ ᠡᠷᠭᠢᠯᠲᠡ ᠶᠢᠨ ᠮᠥᠩᠭᠦ ᠣᠯᠵᠤ | ᠂ ᠲᠠᠷᠢᠶᠠᠨ ᠠᠵᠢᠯ ᠤᠨ ᠶᠠᠭᠠᠷᠠᠯᠲᠠᠢ ᠦᠶ᠎ᠡ ᠳᠤ ᠬᠤᠷᠰᠢᠶᠠᠨ ᠳᠤ ᠬᠦᠴᠦ ᠶᠠᠪᠣᠵᠤ ᠨᠢᠭᠡ ᠡᠳᠦᠷ ᠲᠤ 200 | ᠲᠥᠭᠦᠷᠢᠭ ᠣᠯᠵᠤ᠂ ᠲᠠᠷᠢᠶᠠᠨ ᠠᠵᠢᠯ ᠤᠨ ᠰᠡᠯᠡᠭᠦᠦ ᠦᠶ᠎ᠡ ᠳᠤ ᠪᠠᠰᠠ ᠭᠠᠳᠠᠭᠰᠢ ᠭᠠᠷᠴᠤ ᠠᠵᠢᠯ ᠬᠢᠭᠡᠳ ᠪᠠᠰᠠ | ᠨᠢᠭᠡ ᠬᠤᠪᠢ ᠣᠷᠣᠯᠭ᠎ᠠ ᠨᠡᠮᠡᠭᠳᠡᠭᠦᠯᠵᠦ ᠪᠣᠯᠣᠨ᠎ᠠ᠂ ᠡᠨᠡ ᠨᠢ ᠨᠢᠭᠡ ᠯᠡ ᠳᠡᠭᠡᠷ᠎ᠡ ᠣᠯᠠᠨ ᠵᠦᠢᠯ ᠢ ᠪᠦᠲᠦᠭᠡᠵᠦ | ᠪᠣᠯᠣᠨ᠎ᠠ᠃︾ ᠭᠡᠵᠦ ᠯᠢᠦ ᠱᠤ᠋ ᠶᠠᠨ ᠬᠡᠯᠡᠪᠡ᠃ | ᠫᠢᠩ ᠠᠨ ᠲᠣᠰᠬᠤᠨ ᠳᠤ ᠯᠢᠦ ᠱᠤ᠋ ᠶᠠᠨ ᠰᠢᠭ᠋ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠤᠭᠰᠠᠨ | ᠲᠠᠷᠢᠶᠠᠴᠢᠨ ᠡᠷᠦᠭᠡ ᠪᠠᠰᠠ 82 ᠪᠠᠶᠢᠨ᠎ᠠ᠃ ᠲᠣᠰᠬᠤᠨ ᠤ ᠵᠠᠯᠠᠭᠤᠴᠤᠳ ᠤᠨ ᠣᠯᠠᠩᠬᠢ ᠨᠢ ᠭᠠᠳᠠᠭᠰᠢ ᠭᠠᠷᠴᠤ | ᠬᠥᠯᠥᠰᠦᠨ ᠠᠵᠢᠯ ᠬᠢᠳᠡᠭ ᠪᠣᠯᠬᠤᠷ ᠦᠯᠡᠳᠡᠭᠰᠡᠨ ᠨᠢ ᠵᠦᠪᠬᠡᠨ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ ᠪᠠ | ᠬᠡᠦᠬᠡᠳ ᠪᠣᠯᠣᠨ᠎ᠠ᠂ ᠡᠨᠡ ᠨᠢ ᠬᠥᠳᠡᠯᠮᠦᠷᠢ ᠶᠢᠨ ᠬᠦᠴᠦᠨ ᠢ ᠬᠦᠨᠳᠦ ᠨᠣᠴᠢᠲᠠᠢ ᠳᠤᠲᠠᠭᠳᠠᠭᠤᠯᠵᠤ᠂ ᠵᠠᠷᠢᠮ ᠰᠠᠶᠢᠨ | ᠲᠠᠷᠢᠶ᠎ᠠ ᠶᠢ ᠲᠠᠷᠢᠬᠤ ᠬᠥᠮᠥᠨ ᠦᠭᠡᠢ ᠬᠦᠴᠢᠷᠳᠡᠯ ᠳᠤ ᠲᠤᠯᠭᠠᠷᠠᠪᠠ᠂ ᠡᠨᠡᠬᠦ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠫᠢᠩ ᠠᠨ ᠲᠣᠰᠬᠤᠨ ᠤ ︽ᠬᠤᠶᠠᠷ ᠵᠥᠪᠯᠡᠯ︾ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ | ᠬᠡᠷᠡᠭᠯᠡᠵᠦ᠂ ︽ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ | ᠴᠢᠩᠭᠠᠳᠬᠠᠬᠤ᠂ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠴᠡ ᠶᠢᠨ | ᠲᠣᠭᠤᠷᠢᠨ ᠳᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠯᠠᠭᠤᠯᠵᠤ᠂ ᠲᠠᠷᠠᠬᠠᠢ ᠪᠤᠲᠠᠷᠬᠠᠢ ᠡᠯᠧᠮᠧᠨ᠋ᠲ ᠢ | ᠴᠤᠭᠯᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠣᠯᠠᠰᠢᠷᠠᠭᠤᠯᠪᠠ᠃ | ︽2023 ᠣᠨ ᠳᠤ᠂ ᠮᠠᠨ ᠤ ᠲᠣᠰᠬᠤᠨ ᠤ ᠬᠢᠨ ᠨᠡᠶᠢᠳᠡ 2500 ᠮᠦ ᠭᠠᠵᠠᠷ ᠰᠢᠷᠣᠢ ᠶᠢᠨ | ᠡᠵᠡᠩᠨᠡᠯᠲᠡ ᠶᠢᠨ ᠡᠷᠬᠡ ᠶᠢ ᠰᠢᠯᠵᠢᠭᠦᠯᠵᠦ᠂ ᠡᠯ᠎ᠡ ᠲᠦᠷᠦᠯ ᠤᠨ ᠬᠤᠷᠰᠢᠶ᠎ᠠ ᠳᠤ 60 ᠭᠠᠷᠤᠢ ᠬᠥᠮᠥᠨ ᠬᠥᠯᠥᠰᠦᠨ | ᠠᠵᠢᠯ ᠬᠢᠵᠦ᠂ ᠬᠥᠮᠥᠨ ᠳᠤᠮᠳᠠᠴᠢ ᠶᠢᠨ ᠣᠷᠣᠯᠭ᠎ᠠ 1.2 ᠲᠦᠮᠡᠨ ᠲᠥᠭᠦᠷᠢᠭ ᠠᠴᠠ ᠳᠡᠭᠡᠭᠰᠢ ᠪᠣᠯᠵᠤ᠂ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃︾ ᠭᠡᠵᠦ ᠫᠢᠩ | ᠠᠨ ᠲᠣᠰᠬᠤᠨ ᠤ ᠨᠠᠮ ᠤᠨ ᠡᠭᠦᠷ ᠤᠨ ᠱᠦᠵᠢ ᠸᠠᠩ ᠴᠢᠦ ᠯᠢ ᠬᠡᠯᠡᠪᠡ᠃ | |