| 6 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠢᠵᠦ | ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠳᠠᠬᠢᠨ ᠪᠠᠶᠢᠷᠢᠯᠠᠭᠤᠯᠤᠯᠲᠠ᠂ ᠳᠠᠬᠢᠨ | ᠳᠠᠶᠢᠴᠢᠯᠠᠯᠲᠠ᠂ ᠳᠠᠬᠢᠨ ᠱᠠᠭᠠᠷᠳᠠᠯᠭ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠮᠦ ᠲᠢᠶᠧ | ᠮᠢᠨ᠂ ᠶᠣᠣ ᠼᠠᠢ ᠶᠠᠨ᠂ ᠳ᠋ᠢᠩ ᡁᠢ ᠭᠠᠩ᠂ ᠼᠦᠢ ᠯᠧᠢ ᠯᠧᠢ᠂ ᠱᠠᠨ ᠬᠤᠸᠠ ᠴᠢ᠂ ᠵᠠᠩ ᠯᠢ ᠭᠦᠸᠧ ᠨᠠᠷ | ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠬᠤᠷᠠᠯ ᠳᠡᠭᠡᠷ᠎ᠡ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠩᠰᠢᠶᠠ ᠶᠢᠨ ᠢᠷᠭᠠᠢ | ᠬᠤᠲᠠ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠭᠦᠨᠵᠡᠭᠡᠢ ᠰᠤᠷᠭᠠᠮᠵᠢ ᠶᠢ ᠦᠨᠡᠨᠬᠦ ᠭᠥᠯᠢᠶᠡᠨ | ᠠᠪᠴᠤ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ | ᠪᠠᠴᠢᠮ ᠮᠡᠳᠡᠭᠳᠡᠯ︾ ᠪᠣᠯᠣᠨ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠳᠠᠯᠲᠠ ᠬᠡᠮ ᠢ ᠪᠠᠶᠢᠴᠠᠭᠠᠭᠰᠠᠨ | ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠮᠢᠨᠴᠦᠭᠦᠷᠡᠬᠦ᠂ ᠴᠠᠯᠠᠭᠠᠶᠢᠷᠠᠬᠤ᠂ ᠠᠵᠠ ᠬᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ︽ᠴᠠᠭ ᠢᠮᠠᠭᠲᠠ | ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠣᠯᠭᠦᠢ ᠦᠢᠯᠡᠳᠪᠦᠷᠢᠯᠡᠯ ᠤᠨ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠤᠯᠠᠮ | ᠨᠢᠭᠡ ᠠᠯᠬᠤᠮ ᠨᠡᠮᠡᠭᠳᠡᠭᠦᠯᠦᠨ᠂ ᠪᠠᠭᠤᠷᠠᠢ ᠭᠤᠭᠴᠤᠭ᠎ᠠ ᠪᠣᠯᠣᠨ ᠲᠣᠪᠣᠶᠢᠮ᠎ᠠ ᠠᠰᠠᠭᠤᠳᠠᠯ ᠢ ᠬᠢᠨᠠᠮᠠᠭᠠᠢ ᠡᠷᠢᠵᠦ᠂ | ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠶᠣᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ᠂ | ᠨᠠᠷᠢᠨ ᠪᠥᠭᠡᠳ ᠲᠦᠷᠭᠡᠨ ᠢᠶᠠᠷ ᠰᠠᠶᠢᠲᠤᠷ ᠠᠳᠬᠤᠵᠤ᠂ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠤᠪᠢ | ᠬᠥᠮᠥᠨ ᠳᠤ ᠨᠠᠶᠢᠳᠠᠪᠤᠷᠢᠵᠢᠭᠤᠯᠤᠨ᠂ ᠦᠪᠡᠷ ᠦᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ | ᠪᠡᠶᠡᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ︽ᠨᠢᠭᠡ | ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠡᠭᠦᠷᠭᠡᠯᠡᠬᠦ︾ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ | ᠪᠠᠶᠢᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ︽ᠵᠡᠷᠭᠡᠪᠡᠷ ᠠᠳᠬᠤᠵᠤ ᠬᠠᠮᠲᠤᠪᠠᠷ | ᠬᠠᠮᠢᠶᠠᠷᠬᠤ︾ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠠᠳᠬᠤᠵᠤ ᠪᠣᠳᠠᠲᠠᠶᠢᠵᠢᠭᠤᠯᠤᠨ᠂ ᠠᠶᠤᠯ ᠲᠠᠢ ᠬᠢᠮᠢ ᠶᠢᠨ ᠪᠤᠳᠠᠰ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠵᠠᠮ | ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠲᠤᠰᠬᠠᠢ ᠴᠡᠭᠴᠡᠯᠡᠨ ᠵᠠᠰᠠᠯᠲᠠ ᠬᠢᠬᠦ ᠶᠢ ᠭᠦᠨᠵᠡᠭᠡᠢ ᠥᠷᠨᠢᠭᠦᠯᠵᠦ᠂ | ᠲᠠᠰᠤᠷᠠᠯᠲᠠ ᠦᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠠᠮᠤᠷ ᠲᠦᠪᠰᠢᠨ ᠤ ᠳᠠᠯᠳᠠ ᠬᠡᠮ ᠢ | ᠠᠷᠢᠯᠭᠠᠬᠤ ᠬᠡᠷᠡᠭᠲᠡᠢ᠃ ᠠᠵᠢᠯ ᠤᠨ ᠬᠢᠨᠠᠨ ᠰᠢᠯᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠠᠵᠢᠯ ᠤᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠨᠠᠷ | ᠴᠢᠨᠰᠠᠭ᠎ᠠ ᠪᠠ ᠤᠬᠠᠭᠤᠯᠤᠨ ᠵᠢᠯᠤᠭᠤᠳᠬᠤ ᠡᠷᠴᠢᠮ ᠢ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠲᠡᠭᠦᠯᠳᠡᠷᠵᠢᠭᠦᠯᠦᠨ᠂ ︽ᠲᠡᠮᠦᠷ ᠮᠡᠲᠦ ᠬᠠᠲᠠᠭᠤ︾ ᠠᠷᠭ᠎ᠠ ᠪᠠᠷᠢᠯ ᠢᠶᠠᠷ ᠳᠠᠯᠲᠠ ᠭᠡᠮ ᠢ ᠠᠷᠢᠯᠭᠠᠵᠤ᠂ ︽ᠲᠡᠮᠦᠷ | ᠮᠡᠲᠦ ᠬᠠᠲᠠᠭᠤ︾ ᠠᠷᠭ᠎ᠠ ᠪᠠᠷᠢᠯ ᠢᠶᠠᠷ ᠦᠨᠳᠦᠰᠦ ᠠᠴᠠ ᠨᠢ ᠵᠠᠰᠠᠵᠤ᠂ ︽ᠲᠡᠮᠦᠷ ᠮᠡᠲᠦ ᠬᠠᠲᠠᠭᠤ︾ ᠠᠷᠭ᠎ᠠ | ᠪᠠᠷᠢᠯ ᠢᠶᠠᠷ ᠬᠠᠷᠢᠭᠤᠴᠠᠯᠭ᠎ᠠ ᠨᠡᠬᠡᠮᠵᠢᠯᠡᠵᠦ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ | ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠪᠡ᠃ |