| ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ | ᠠᠴᠠ ᠪᠠᠨ ᠠᠵᠢᠯ ᠬᠢᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ | ᠪᠠᠶᠢᠬᠤ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠪᠡ᠃ | ᠣᠲᠣ ᠪᠣᠯᠲᠠᠯ᠎ᠠ᠂ ᠵᠠᠷᠤᠳ ᠬᠤᠰᠢᠭᠤᠨ ᠤ ᠬᠢᠨ ᠬᠤᠶᠠᠷ ᠤᠳᠠᠭᠠᠨ ᠤ ︽ᠵᠠᠰᠠᠭ ᠤᠨ ᠣᠷᠳᠣᠨ ᠤ ᠬᠤᠳᠠᠯᠳᠤᠨ | ᠠᠪᠬᠤ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠵᠦ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠭᠡᠷ᠎ᠡ ᠳᠠᠬᠢ ᠪᠡᠯᠡ ᠲᠣᠬᠢᠷᠠᠭᠤᠯᠭ᠎ᠠ ᠶᠢ ᠨᠢᠭᠡᠨᠲᠡ 130 ᠲᠦᠮᠡᠨ ᠲᠥᠭᠦᠷᠢᠭ ᠪᠡᠶᠡᠯᠡᠭᠦᠯᠵᠦ᠂ | 2022 ᠣᠨ ᠬᠢ ᠲᠠᠢ ᠬᠠᠷᠢᠴᠠᠭᠤᠯᠪᠠᠯ 100% ᠪᠠᠷ ᠨᠡᠮᠡᠭᠳᠡᠪᠡ᠃ ︽︿ ᠵᠠᠰᠠᠭ ᠤᠨ ᠣᠷᠳᠣᠨ ᠤ ᠬᠤᠳᠠᠯᠳᠤᠨ | ᠠᠪᠬᠤ ᠵᠢᠭᠡᠯᠡᠯᠭᠡ﹀ ᠶᠢᠨ ᠦᠢᠯᠡᠳᠬᠦᠨ ᠤ ᠪᠡᠯᠡ ᠲᠣᠬᠢᠷᠠᠭᠤᠯᠤᠭ᠎ᠠ ᠲᠦᠷᠭᠡᠨ᠂ ᠨᠥᠬᠦᠴᠡᠯ ᠨᠢ ᠳᠣᠣᠷ᠎ᠠ᠂ | ᠥᠪᠡᠷ ᠤᠨ ᠥᠷᠲᠡᠭ ᠨᠢ ᠳᠣᠣᠷ᠎ᠠ ᠪᠠᠶᠢᠳᠠᠭ ᠪᠣᠯᠬᠤᠷ ᠲᠡᠭᠦᠨ ᠤ ᠪᠤᠶ ᠪᠣᠯᠤᠭᠰᠠᠨ ᠨᠢ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠥᠪᠡᠷ ᠤᠨ ᠥᠷᠲᠡᠭ ᠪᠣᠯᠣᠨ ᠳᠠᠷᠤᠭᠠᠰᠤ ᠶᠢ ᠦᠨᠡᠨ ᠬᠦ ᠬᠥᠩᠭᠡᠯᠡᠵᠦ᠂ ᠢᠲᠡᠭᠡᠮᠵᠢ ᠪᠠᠷ ᠥᠷᠲᠡᠭ | ᠡᠭᠦᠳᠬᠦ ᠣᠶᠢᠯᠠᠭᠠᠭᠳᠠᠬᠤᠨ ᠢ ᠦᠨᠡᠨ ᠬᠦ ᠬᠠᠷᠠᠭᠤᠯᠤᠭᠰᠠᠨ ᠪᠠᠶᠢᠨ᠎ᠠ᠃︾ ᠭᠡᠵᠦ ᠥᠪᠥᠷ ᠮᠣᠩᠭᠤᠯ ᠤᠨ ᠾᠧᠩ | ᠱᠧᠩ ᠠᠮᠤᠷ ᠲᠦᠪᠰᠢᠨ ᠤ ᠰᠡᠷᠭᠡᠶᠢᠯᠡᠯᠲᠡ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠠᠤᠯᠢ ᠶᠢᠨ | ᠡᠷᠬᠡᠲᠡᠨ ᠸᠠᠩ ᠭᠠᠩ ᠠᠴᠠ ︽ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢ ᠭᠦᠢᠴᠡᠳᠬᠡᠭᠰᠡᠨ ᠤ | ᠳᠠᠷᠠᠭ᠎ᠠ ᠢᠯᠡᠷᠬᠡᠶᠢᠯᠡᠪᠡ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠦᠢᠯᠡᠴᠢᠯᠡᠭᠡ︾ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠢ | ᠵᠠᠷᠤᠳ ᠬᠤᠰᠢᠭᠤᠨ ᠳᠤ ᠪᠣᠲᠠᠲᠠᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ | ᠲᠦᠯᠦᠭᠡ᠂ ᠵᠠᠷᠤᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢ ᠲᠦᠯᠬᠢᠨ | ᠠᠬᠢᠭᠤᠯᠬᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠷᠤᠳ ᠬᠤᠰᠢᠭᠤᠨ ᠤ ︽ | ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢᠨ ᠬᠡᠪᠴᠢᠶ᠎ᠡ ᠶᠢ ᠥᠷᠭᠡᠳᠬᠡᠬᠦ ᠪᠠᠷ ᠬᠠᠷᠠᠯᠲᠠ | ᠪᠣᠯᠭᠠᠭᠰᠠᠨ ᠬᠠᠮᠲᠤ ᠶᠢᠨ ᠲᠠᠨᠢᠯᠲᠠ ᠲᠠᠢ ᠪᠣᠯᠵᠤ᠂ ᠪᠡᠯᠡ ᠲᠣᠬᠢᠷᠠᠭᠤᠯᠭ᠎ᠠ ᠶᠢᠨ ᠬᠡᠮᠵᠢᠶ᠎ᠡ ᠶᠢ ᠴᠢᠷᠮᠠᠶᠢᠨ ᠨᠡᠮᠡᠭᠳᠡᠭᠦᠯᠵᠦ | ᠂ ᠵᠠᠰᠠᠭ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠳᠤᠨ ᠦᠢᠯᠡᠳᠦᠯᠴᠡᠬᠦ ᠶᠢ ᠠᠬᠢᠭᠤᠯᠵᠤ᠂ ᠡᠭᠦᠨ ᠤ ᠤᠯᠠᠮ ᠢᠶᠠᠷ | ︽ᠪᠠᠩᠬᠢ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠶᠢ ᠪᠡᠶᠡᠯᠡᠭᠦᠯᠪᠡ᠃ | ᠡᠭᠦᠨ ᠤ ᠵᠡᠷᠭᠡ ᠳᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢᠨ ᠰᠦᠯᠵᠢᠶᠡᠨ | ᠳᠡᠭᠡᠷᠡᠬᠢ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠮᠡᠳᠡᠭᠡ ᠵᠠᠩᠭᠢ ᠶᠢᠨ ᠴᠢᠳᠠᠪᠤᠷᠢ ᠶᠢ ᠠᠰᠢᠭᠯᠠᠨ | ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾ ᠶᠢ ᠬᠦᠭᠵᠢᠭᠡᠪᠡ᠃ ᠵᠠᠷᠤᠳ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶ᠎ᠡ᠂ ᠡᠳ᠋ ᠤᠨ ᠵᠠᠰᠠᠭ ᠤᠨ ᠲᠣᠪᠴᠢᠶ᠎ᠠ ᠶᠢᠨ ᠨᠡᠶᠢᠲᠡ ᠶᠢᠨ ᠲᠡᠪᠴᠡᠩ᠂ ᠸᠢᠴᠠᠲ | ᠴᠣᠭᠯᠠᠷᠠᠯ ᠢᠶᠠᠷ ︽ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢᠨ ᠪᠡᠯᠡ ᠲᠣᠬᠢᠷᠠᠭᠤᠯᠭ᠎ᠠ ᠶᠢᠨ | ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ᠂ ︽ᠵᠠᠰᠠᠭ ᠤᠨ ᠣᠷᠳᠣᠨ ᠤ ᠬᠤᠳᠠᠯᠳᠤᠨ ᠠᠪᠬᠤ | ᠵᠢᠭᠡᠯᠡᠯᠭᠡ︾ ᠶᠢᠨ ᠲᠥᠷᠥ ᠶᠢᠨ ᠪᠣᠳᠣᠯᠭ᠎ᠠ ᠠᠴᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠠᠷᠬᠠᠭᠠᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠦᠷᠭᠡᠳᠭᠡᠪᠡ᠃ | ᠳᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠢᠨ | ᠢᠳᠡᠪᠬᠢᠲᠡᠢ ᠪᠠᠷ ᠠᠵᠢᠯᠯᠠᠵᠤ᠂ ︽ᠡᠳ᠋ ᠤᠨ ᠵᠠᠰᠠᠭ + ᠬᠤᠳᠠᠯᠳᠤᠨ ᠠᠪᠤᠭᠴᠢ + ᠳᠠᠭᠠᠭᠠᠴᠢᠯᠠᠯᠲᠠ ᠵᠠᠷᠯᠠᠬᠤ ᠶᠢᠨ | ᠣᠷᠣᠯᠠᠭᠴᠢ + ᠪᠠᠩᠬᠢ + ᠬᠠᠩᠭᠠᠯᠭ᠎ᠠ ᠶᠢᠨ ᠬᠤᠳᠠᠯᠳᠤᠭᠠᠴᠢᠨ︾ ᠭᠡᠬᠦ ᠲᠠᠪᠤᠨ ᠶᠡᠭᠡ ᠭᠤᠣᠯ ᠴᠣᠭᠴᠠ ᠶᠢᠨ | ᠬᠠᠮᠲᠤᠷᠠᠨ ᠬᠥᠳᠡᠯᠦᠯᠴᠡᠬᠦ ᠵᠠᠭᠪᠤᠷ ᠢ ᠠᠪᠴᠤ᠂ ᠰᠦᠯᠵᠢᠶᠡᠨ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠠᠪᠴᠠᠩ ᠵᠢᠴᠢ ᠰᠦᠯᠵᠢᠶᠡᠨ ᠭᠠᠳᠠᠨ᠎ᠠ ︽ᠳᠤᠮᠳᠠᠳᠤ ᠤᠯᠤᠰ ᠤᠨ ᠪᠠᠩᠬᠢ︾ ︽ᠥᠪᠥᠷ | ᠮᠣᠩᠭᠤᠯ ᠤᠨ ᠪᠠᠩᠬᠢ︾ ᠵᠡᠷᠭᠡ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠩᠭᠠᠯᠭ᠎ᠠ ᠶᠢᠨ | ᠬᠤᠳᠠᠯᠳᠤᠭᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ | ᠪᠡᠯᠡ ᠲᠣᠬᠢᠷᠠᠭᠤᠯᠭ᠎ᠠ ᠳᠤ ᠣᠷᠣᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠬᠤᠳᠠᠯᠳᠤᠨ | ᠠᠪᠬᠤ ᠪᠠᠷ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠪᠣᠳᠠᠲᠤ ᠴᠣᠭᠴᠠ ᠶᠢᠨ ᠠᠵᠤ | ᠠᠬᠤᠢ ᠳᠤ ᠨᠠᠩ ᠰᠠᠶᠢᠲᠤᠷ ᠦᠢᠯᠡᠴᠢᠯᠡᠭᠦᠯᠬᠦ ᠶᠢ ᠲᠦᠯᠬᠢᠨ ᠠᠬᠢᠭᠤᠯᠵᠤ᠂ ᠵᠠᠷᠤᠳ ᠬᠤᠰᠢᠭᠤᠨ ᠤ ᠵᠠᠰᠠᠭ ᠤᠨ | ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ ᠭᠡᠪᠡ᠃ | | | |