| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠬᠠᠯᠠᠭᠤᠨ ᠢᠶᠠᠷ ᠪᠡᠯᠡᠭᠯᠡᠨ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠤ | ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠵᠦ᠂ ᠤᠯᠤᠰ ᠤᠨ ᠦᠮᠴᠢᠯᠡᠯᠲᠦ ᠡᠳ᠋ ᠬᠥᠷᠥᠩᠭᠡ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 | ᠳ᠋ᠤᠭᠠᠷ ᠰᠠᠷ᠎ᠠ ᠶᠢᠨ 21 ᠳᠤ᠂ ᠲᠦᠩᠯᠢᠶᠣᠣ ᠬᠤᠳᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠡᠭᠦᠷ ᠰᠣᠶᠣᠯ ᠵᠢᠭᠤᠯᠴᠢᠯᠠᠯ ᠤᠨ ᠪᠦᠯᠦᠭᠯᠡᠯ ᠤᠨ | ᠬᠠᠷᠢᠶ᠎ᠠ ᠨᠠᠮ ᠤᠨ ᠡᠭᠦᠷ ᠲᠠᠢ ᠬᠠᠮᠲᠤᠷᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠣᠯᠭᠠᠬᠤ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠡᠢ᠃ | ᠲᠤᠰ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢᠨ ᠬᠡᠯᠪᠡᠷᠢ ᠨᠢ ᠤᠯᠠᠨ᠂ | ᠠᠭᠤᠯᠭ᠎ᠠ ᠨᠢ ᠪᠠᠶᠠᠯᠢᠭ ᠪᠠᠶᠢᠵᠤ᠂ ᠨᠠᠮ ᠤᠨ ᠭᠡᠰᠢᠭᠦᠨ ᠤ ᠲᠠᠩᠭᠠᠷᠢᠭ ᠬᠢᠬᠦ᠂ ᠦᠷᠡᠭᠳᠡᠭᠰᠡᠨ ᠪᠠᠭᠠᠲᠤᠷᠴᠤᠳ ᠢᠶᠠᠨ | ᠳᠤᠷᠠᠰᠤᠨ ᠰᠠᠨᠠᠭᠠᠯᠵᠠᠬᠤ ᠪᠠᠷ ᠳᠠᠮᠵᠢᠭᠤᠯᠵᠤ᠂ ᠪᠦᠬᠦ ᠨᠠᠮ ᠤᠨ ᠭᠡᠰᠢᠭᠦᠨ ᠺᠠᠳ᠋ᠷ ᠠᠵᠢᠯᠲᠠᠨ ᠤ ᠡᠬᠡ ᠣᠷᠣᠨᠴᠢ | ᠰᠡᠳᠬᠢᠯᠭᠡ ᠪᠣᠯᠣᠨ ᠲᠡᠮᠡᠴᠡᠯ ᠤᠨ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠡᠢ︔ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠲᠠᠶᠢᠯᠤᠮᠵᠢ ᠪᠠ ᠮᠠᠯᠴᠢᠳ ᠤᠨ | ᠭᠡᠷ ᠤᠨ ᠰᠣᠷᠪᠤᠯᠵᠢᠯᠠᠭ᠎ᠠ ᠪᠠᠷ ᠳᠠᠮᠵᠢᠨ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠤᠯᠠᠮ ᠨᠢᠭᠡ ᠠᠯᠬᠤᠮ ᠠᠬᠢᠭᠤᠯᠪᠠ︔ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠪᠠᠷ | ᠳᠠᠮᠵᠢᠨ᠂ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠣᠯᠪᠠᠰᠤᠷᠠᠯ ᠳᠤ ᠣᠷᠣᠯᠴᠠᠭᠰᠠᠳ ᠤᠨ ᠬᠡᠵᠢᠶᠡᠳᠡ ᠢᠯᠠᠭᠳᠠᠬᠤ ᠦᠭᠡᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ | ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠳᠤᠮᠳᠠ ᠪᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠭᠦᠨᠵᠡᠭᠡᠢ | ᠦᠢᠯᠡᠳᠦᠯᠭᠡᠵᠢᠭᠦᠯᠵᠦ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠂ ᠬᠤᠪᠢᠰᠬᠠᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠣᠯᠣᠨ ᠳᠠᠶᠢᠴᠢᠨ ᠬᠦᠴᠦᠨ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠨᠡᠩ ᠲᠡᠭᠦᠯᠳᠡᠷ ᠪᠠᠶᠢᠳᠠᠯ ᠪᠣᠯᠣᠨ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ | ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠭᠦᠯ | ᠭᠠᠷᠭᠠᠵᠤ ᠡᠷᠡᠯᠬᠡᠭᠯᠡᠨ ᠲᠡᠮᠡᠴᠡᠵᠦ᠂ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠣᠯᠣᠨ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠭᠡᠪᠡ᠃ | |