| | 6 ᠰᠠᠷ᠎ᠠ ᠶᠢᠨ 3 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ | 56 ᠳ᠋ᠤᠭᠠᠷ ᠤᠳᠠᠭᠠᠨ ᠤ ᠬᠤᠷᠠᠯ ᠵᠢᠴᠢ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠬᠢᠭᠤᠯᠬᠤ ᠬᠤᠷᠠᠯ ᠬᠢᠪᠡ᠃ ᠱᠣᠣ ᠶᠠᠨ ᠵᠢᠶᠦ᠋ᠨ᠂ ᠪᠦᠦ ᠸᠧᠨ ᠯᠠᠨ᠂ ᠪᠠᠲᠤ ᠵᠡᠷᠭᠡ ᠭᠠᠵᠠᠷ ᠤᠨ | ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠬᠤᠰᠢᠭᠤ ᠳᠠᠶᠠᠭᠠᠷ ᠢᠶᠠᠷ ᠢᠶᠠᠨ ᠡᠷᠬᠡᠪᠰᠢ ᠪᠠᠶᠢᠳᠠᠯ ᠢ ᠲᠣᠳᠣᠷᠬᠠᠢ | ᠲᠠᠨᠢᠵᠤ᠂ ᠴᠢᠬᠤᠯᠠᠴᠢᠯᠠᠭ᠎ᠠ ᠪᠠᠨ ᠳᠡᠭᠡᠭᠰᠢᠯᠡᠭᠦᠯᠦᠨ᠂ ᠵᠠᠳᠠᠯᠤᠨ ᠰᠤᠳᠤᠯᠵᠤ ᠮᠠᠭᠠᠳᠯᠠᠬᠤ ᠶᠢ ᠪᠥᠬᠦ | ᠬᠦᠴᠦᠨ ᠢᠶᠠᠷ ᠢᠶᠠᠨ ᠠᠳᠬᠤᠵᠤ᠂ ᠲᠣᠬᠢᠷᠠᠭᠤᠯᠤᠨ ᠠᠬᠢᠭᠤᠯᠬᠤ ᠶᠢ ᠠᠳᠬᠤᠨ᠂ ᠡᠯ᠎ᠡ ᠲᠥᠷᠥᠯ ᠤᠨ ᠠᠵᠤ | ᠠᠬᠤᠢ ᠶᠢᠨ ᠲᠤᠭ᠎ᠠ ᠪᠠᠷᠢᠮᠲᠠ ᠶᠢ ᠢᠭᠡᠳᠭᠡᠪᠡᠯ ᠵᠣᠬᠢᠪᠠᠰᠤ ᠪᠦᠬᠦᠨ ᠢ ᠨᠢᠭᠡᠳᠬᠡᠬᠦ ᠶᠢ ᠪᠠᠲᠤᠯᠠᠬᠤ ᠬᠡᠷᠡᠭᠲᠡᠢ᠃ ᠪᠦᠬᠦ | ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠲᠥᠰᠥᠯ ᠤᠨ ᠱᠠᠭᠠᠷᠳᠠᠯᠭ᠎ᠠ ᠪᠠ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠤᠨ ᠵᠢᠷᠤᠭ ᠲᠥᠰᠦᠯ ᠢᠶᠠᠷ | ᠠᠵᠢᠯᠯᠠᠵᠤ᠂ ᠠᠵᠢᠯ ᠤᠨ ᠬᠠᠷᠠᠯᠲᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠪᠠᠨ ᠨᠠᠷᠢᠯᠢᠭᠵᠢᠭᠤᠯᠤᠨ | ᠲᠣᠳᠣᠷᠬᠠᠶᠢᠯᠠᠵᠤ᠂ ᠤᠳᠤᠷᠢᠳᠬᠤ ᠳᠤᠭᠤᠶᠢᠯᠠᠩ ᠪᠠ ᠡᠯ᠎ᠡ ᠬᠠᠷᠢᠭᠤᠴᠠᠯᠭᠠᠲᠤ ᠨᠢᠭᠡᠴᠡ ᠬᠢᠨ ᠴᠤᠭᠭᠠᠷ ᠠᠳᠬᠤᠵᠤ | ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠪᠠᠨ ᠴᠢᠩᠭ᠎ᠠ | ᠪᠣᠳᠠᠲᠠᠶᠢᠵᠢᠭᠤᠯᠵᠤ᠂ ᠲᠣᠬᠢᠷᠠᠭᠤᠯᠤᠨ ᠮᠡᠳᠡᠭᠡᠯᠡᠬᠦ᠂ ᠬᠢᠨᠠᠨ ᠰᠢᠯᠭᠠᠵᠤ ᠦᠷ᠎ᠡ ᠪᠦᠲᠦᠮᠵᠢ ᠶᠢ ᠠᠰᠠᠭᠤᠬᠤ᠂ ᠱᠠᠩᠨᠠᠵᠤ | ᠲᠣᠷᠭᠠᠬᠤ ᠶᠢ ᠲᠣᠳᠣᠷᠬᠠᠢ ᠪᠠᠶᠢᠯᠭᠠᠬᠤ ᠭᠡᠳᠡᠷᠭᠦ ᠰᠢᠬᠠᠬᠤ ᠲᠣᠭᠲᠠᠴᠠ ᠶᠢ ᠴᠢᠩᠭᠠᠷᠠᠭᠤᠯᠤᠨ᠂ ᠡᠰᠡᠷᠬᠦ ᠴᠢᠭᠯᠡᠯ ᠤᠨ | ᠳᠠᠷᠤᠯᠲᠠ ᠶᠢ ᠪᠣᠶ ᠪᠣᠯᠭᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠰᠡᠳᠬᠢᠯ ᠨᠢᠭᠡᠳᠦᠨ | ᠪᠣᠳᠣᠯᠬᠢᠯᠠᠵᠤ᠂ ᠬᠦᠴᠦ ᠪᠠᠨ ᠨᠢᠭᠡᠳᠬᠡᠨ ᠠᠵᠢᠯᠯᠠᠵᠤ᠂ ᠡᠯ᠎ᠡ ᠵᠦᠢᠯ ᠤᠨ ᠡᠭᠦᠷᠭᠡ ᠪᠠᠨ ᠪᠣᠳᠠᠲᠠᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ | ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠷᠢᠮᠵᠢᠶ᠎ᠠ | ᠲᠠᠢ ᠬᠠᠷᠭᠤᠭᠤᠯᠣᠨ ᠳᠣᠲᠠᠭᠲᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠭᠡᠭᠵᠢᠭᠦᠯᠦᠨ᠂ | ᠳᠠᠪᠠᠭᠤᠯᠢᠭ ᠢᠶᠠᠨ ᠪᠠᠳᠠᠷᠠᠭᠤᠯᠵᠤ᠂ ᠡᠯ᠎ᠡ ᠬᠦᠷᠢᠶ᠎ᠡ ᠴᠠᠷ᠎ᠠ ᠶᠢᠨ ᠠᠵᠢᠯ ᠤᠨ ᠡᠭᠦᠷᠭᠡ ᠪᠠᠨ ᠲᠠᠬᠢᠨ ᠲᠤᠩᠭᠠᠨ | ᠪᠣᠳᠣᠯᠬᠢᠯᠠᠵᠤ᠂ ᠲᠠᠬᠢᠨ ᠰᠤᠳᠤᠯᠵᠤ᠂ ᠲᠠᠬᠢᠨ ᠬᠡᠮᠵᠢᠶᠡᠵᠢᠭᠦᠯᠵᠦ᠂ ︽ᠣᠶᠢᠯᠠᠭᠠᠬᠤ ᠰᠡᠳᠬᠢᠬᠦᠢ︾ ᠪᠠᠷ ᠨᠡᠩ | ᠣᠨᠣᠴᠠᠲᠠᠢ᠂ ᠪᠣᠳᠠᠲᠠᠢ ᠶᠢ ᠡᠷᠬᠢᠮᠯᠡᠬᠦ᠂ ᠴᠠᠭᠠᠷᠠᠭᠰᠠᠨ ᠠᠷᠭ᠎ᠠ ᠬᠡᠮᠵᠢᠶ᠎ᠡ ᠠᠪᠴᠤ᠂ ᠬᠠᠷᠠᠯᠲᠠ ᠡᠭᠦᠷᠭᠡ ᠪᠠᠨ ᠨᠢᠭᠡ | ᠨᠢᠭᠡ ᠪᠠᠷ ᠬᠠᠷᠢᠭᠤᠴᠠᠯᠭ᠎ᠠ ᠶᠢᠨ ᠭᠤᠣᠯ ᠴᠣᠭᠴᠠ ᠳᠤ ᠬᠤᠪᠢᠶᠠᠨ ᠥᠭᠴᠦ᠂ ︽ᠲᠠᠪᠤᠨ ᠶᠡᠭᠡ ᠡᠭᠦᠷᠭᠡ︾ ᠶᠢ | ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠠᠵᠤ ᠦᠢᠯᠡᠰ ᠤᠨ ᠬᠥᠭᠵᠢᠯᠲᠡ ᠶᠢ ᠴᠢᠬᠤᠯᠠ ᠪᠠᠶᠢᠷᠢᠨ ᠳᠤ | ᠲᠠᠯᠪᠢᠵᠤ᠂ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠶᠢ | ᠶᠡᠬᠡᠪᠡᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠩᠭᠤ ᠠᠳᠬᠤᠵᠤ᠂ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ | ᠭᠦᠢᠴᠡᠳᠬᠡᠯ ᠲᠤᠭ᠎ᠠ ᠶᠢᠨ ᠶᠡᠷᠦᠩᠬᠡᠢ ᠦᠷᠳᠡᠭ ᠪᠣᠯᠣᠨ ᠨᠡᠮᠡᠭᠳᠡᠯ ᠤᠨ ᠬᠤᠷᠳᠤᠴᠠ ᠲᠡᠷᠢᠭᠦᠨ ᠳᠤ ᠣᠷᠣᠬᠤ ᠶᠢ | ᠴᠢᠷᠮᠠᠶᠢᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠠᠵᠤ ᠦᠢᠯᠡᠰ᠂ ᠴᠢᠳᠠᠪᠤᠷᠢᠲᠠᠨ᠂ | ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ︽ᠬᠤᠶᠠᠷ ᠶᠡᠭᠡ ᠶᠠᠪᠤᠳᠠᠯ︾ ᠤᠨ ᠤᠯᠤᠰ ᠲᠦᠷᠦ ᠶᠢᠨ ᠱᠠᠭᠠᠷᠳᠠᠯᠭ᠎ᠠ ᠪᠠᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠪᠠᠶᠢᠭᠤᠯᠤᠯᠲᠠ᠂ ᠠᠵᠤ | ᠠᠬᠤᠢ ᠶᠢᠨ ᠬᠥᠭᠵᠢᠯᠲᠡ᠂ ᠰᠣᠶᠣᠯ ᠤᠨ ᠳᠡᠭᠡᠭᠰᠢᠯᠡᠯᠲᠡ᠂ ᠨᠡᠶᠢᠭᠡᠮ ᠤᠨ ᠵᠠᠰᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠯᠤᠭ᠎ᠠ ᠠᠭᠤᠰᠤᠯᠴᠠᠭᠤᠯᠤᠨ ᠨᠠᠪᠲᠠᠷᠡᠭᠦᠯᠵᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠠᠶᠢᠭᠤᠯᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠡᠷᠡᠭᠲᠡᠢ᠃ | ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠯᠠ ᠤᠰᠤ ᠤᠢ ᠰᠢᠭᠤᠢ | ᠲᠠᠷᠢᠶᠠᠨ ᠭᠠᠵᠠᠷ ᠨᠠᠭᠤᠷ ᠡᠪᠡᠰᠦ ᠡᠯᠡᠰᠦ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠲᠦᠷᠦᠯ ᠵᠦᠢᠯ ᠢ | ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ | ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠮᠵᠢᠯᠴᠠᠨ ᠬᠠᠮᠲᠤᠷᠠᠯᠴᠠᠬᠤ᠂ ᠵᠡᠷᠭᠡᠪᠡᠷ | ᠠᠳᠬᠤᠨ ᠬᠠᠮᠲᠤᠪᠠᠷ ᠬᠠᠮᠢᠶᠠᠷᠬᠤ ᠠᠵᠢᠯ ᠤᠨ ᠲᠣᠭᠲᠠᠴᠠ ᠶᠢ ᠲᠦᠷᠭᠡᠨ ᠪᠠᠶᠢᠭᠤᠯᠵᠤ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ ᠭᠡᠪᠡ᠃ | ᠬᠤᠷᠠᠯ ᠳᠡᠭᠡᠷ᠎ᠡ᠂ 2022 ᠣᠨ ᠤ ᠳᠠᠭᠤᠷᠢᠶᠠᠮᠠᠯ ᠬᠢᠨᠠᠨ ᠰᠢᠯᠭᠠᠯᠲᠠ ᠵᠢᠴᠢ 2023 ᠣᠨ ᠤ ᠨᠢᠭᠡᠳᠦᠭᠡᠷ | ᠤᠯᠠᠷᠢᠯ ᠤᠨ ᠬᠢᠨᠠᠨ ᠰᠢᠯᠭᠠᠭᠰᠠᠨ ᠦᠷ᠎ᠡ ᠳ᠋ᠦᠩ ᠢ ᠰᠣᠨᠣᠰᠴᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ | ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠬᠢᠴᠠ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠠᠬᠢᠴᠠ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠭᠰᠠᠨ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠤᠭᠰᠠᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠭᠰᠠᠨ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠠᠬᠢᠭᠤᠯᠪᠠ᠃ | | |