| 6 ᠰᠠᠷ᠎ᠠ ᠶᠢᠨ 3 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠯᠦᠪᠸᠢ ᠠᠵᠤ ᠦᠢᠯᠡᠰ ᠤᠨ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠢ ᠬᠢᠨᠠᠨ | ᠲᠤᠭᠲᠠᠭᠠᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠢᠵᠦ᠂ ᠡᠯ᠎ᠡ ᠰᠠᠯᠠᠭ᠎ᠠ ᠮᠥᠴᠢᠷ ᠤᠨ ᠬᠢᠨ ᠤ | ᠬᠦᠷᠢᠶᠡᠯᠡᠩ ᠲᠣᠭᠤᠷᠢᠭ ᠢ ᠬᠢᠨᠠᠨ ᠲᠣᠭᠲᠠᠭᠠᠬᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠰᠣᠨᠣᠰᠴᠤ᠂ | ᠬᠦᠷᠢᠶᠡᠯᠡᠩ ᠲᠣᠭᠤᠷᠢᠭ ᠢ ᠬᠢᠨᠠᠨ ᠲᠣᠭᠲᠠᠭᠠᠬᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ | ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠪᠠᠲᠤ᠂ ᠯᠢᠦ ᠶᠣᠣ᠂ ᠯᠢ ᠶᠦᠩ ᠬᠠᠢ᠂ ᠮᠦ ᠲᠢᠶᠧ ᠮᠢᠨ᠂ | ᠼᠦᠢ ᠯᠧᠢ ᠯᠧᠢ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠯᠦᠪᠸᠢ ᠠᠵᠤ | ᠦᠢᠯᠡᠰ ᠤᠨ ᠲᠣᠭᠤᠷᠢᠭ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠤᠯᠤᠰ ᠳᠣᠶᠢᠷᠤ ᠶᠢᠨ ᠵᠣᠭᠰᠣᠯᠲᠠ ᠪᠠᠨ ᠦᠨᠡᠨᠬᠦ | ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠢ ᠬᠢᠨᠠᠨ ᠲᠣᠭᠲᠠᠭᠠᠬᠤ ᠠᠵᠢᠯ ᠤᠨ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠢᠭᠵᠢᠯᠲᠠ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠰᠠᠭᠤᠵᠤ ᠲᠡᠶᠢᠯᠬᠦ ᠦᠭᠡᠢ | ᠂ ᠬᠦᠯᠢᠶᠡᠵᠦ ᠲᠡᠶᠢᠯᠬᠦ ᠦᠭᠡᠢ᠂ ᠤᠳᠠᠭᠠᠨ ᠪᠠᠶᠢᠵᠤ ᠪᠣᠯᠬᠤ ᠦᠭᠡᠢ︾ ᠭᠡᠬᠦ ᠪᠠᠴᠢᠮ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ ᠪᠠᠷ ᠬᠦᠷᠢᠶᠡᠯᠡᠩ ᠲᠣᠭᠤᠷᠢᠭ ᠢ ᠬᠢᠨᠠᠨ ᠲᠣᠭᠲᠠᠭᠠᠬᠤ ᠠᠵᠢᠯ ᠢ ᠪᠦᠬᠦ | ᠬᠦᠢᠴᠣᠠ ᠢᠶᠠᠷ ᠢᠶᠠᠨ ᠰᠠᠶᠢᠨ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠬᠢᠨ ᠦᠪᠡᠷ ᠦᠪᠡᠷ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠥᠨᠳᠥᠷ ᠦᠷ᠎ᠡ | ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠨ᠂ ᠬᠢᠨᠠᠨ ᠲᠣᠭᠲᠠᠭᠠᠬᠤ ᠠᠵᠢᠯ ᠤᠨ ᠳᠣᠲᠠᠭᠳᠠᠯ ᠪᠠ ᠪᠠᠭᠤᠷᠠᠢ ᠲᠠᠯ᠎ᠠ ᠶᠢ | ᠪᠥᠬᠦ ᠲᠠᠯ᠎ᠠ ᠪᠠᠷ ᠨᠠᠷᠢᠨ ᠡᠵᠡᠮᠰᠢᠵᠦ᠂ ᠬᠦᠴᠦᠨ ᠢᠶᠠᠨ ᠲᠥᠪᠯᠡᠷᠡᠭᠦᠯᠦᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠯᠤᠰ | ᠬᠡᠲᠦ ᠶᠢ ᠪᠣᠳᠣᠯᠬᠢᠯᠠᠨ᠂ ᠬᠦᠷᠢᠶᠡᠯᠡᠩ ᠲᠣᠭᠤᠷᠢᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠰᠤ ᠴᠠᠬᠢᠯᠭᠠᠨ᠂ ᠭᠠᠯ ᠤᠨᠲᠠᠷᠠᠭᠠᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠣᠶ ᠰᠢᠭᠤᠢ ᠨᠣᠲᠤᠭ ᠪᠡᠯᠴᠢᠭᠡᠷ᠂ ᠭᠠᠵᠠᠷ ᠰᠢᠷᠣᠢ ᠵᠡᠷᠭᠡ ᠶᠢᠨ | ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠭᠠᠵᠠᠷ ᠰᠢᠷᠣᠢ ᠶᠢ ᠮᠡᠳᠡᠭᠦᠯᠦᠨ ᠲᠠᠲᠠᠪᠤᠷᠢᠯᠠᠬᠤ ᠠᠵᠢᠯ ᠢ | ᠢᠳᠡᠪᠬᠢᠲᠡᠢ ᠪᠠᠷ ᠳᠠᠭᠠᠵᠤ᠂ ᠬᠦᠷᠢᠶᠡᠯᠡᠩ ᠲᠣᠭᠤᠷᠢᠭ ᠢ ᠬᠢᠨᠠᠨ ᠲᠣᠭᠲᠠᠭᠠᠬᠤ ᠠᠵᠢᠯ ᠤᠨ ᠤᠷᠤᠭᠰᠢᠲᠠᠢ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | |