ᠵᠠᠷᠤᠳ ᠬᠤᠰᠢᠭᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/6/5
    6 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠵᠠᠷᠤᠳ ᠬᠤᠰᠢᠭᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠭᠤᠣᠯ ᠪᠦᠷᠢᠯᠳᠦᠭᠦᠨ ᠨᠢᠭᠡᠴᠡ ᠬᠤᠷᠠᠯ ᠳᠤ ᠣᠷᠣᠯᠴᠠᠪᠠ᠃
3ba365a9f1c0976b16463ef7df37bfa.jpg
    ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠢ ᠵᠢᠶᠠᠨ ᠠᠴᠠ ᠬᠤᠲᠠ ᠶᠢᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠭᠡᠷ ᠠᠴᠠ ᠵᠠᠷᠤᠳ ᠬᠤᠰᠢᠭᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠶᠢ ᠬᠠᠷᠢᠭᠤ ᠲᠤᠰᠬᠠᠪᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠰᠤᠷᠭᠠᠯᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃    ᠯᠢᠦ ᠶᠣᠣ ᠵᠢᠭᠠᠪᠣᠷᠢᠯᠠᠭᠰᠠᠨ ᠨᠢ᠂ ᠬᠤᠰᠢᠭᠤᠨ ᠤ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠭᠡᠷ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠠᠵᠢᠯ ᠤᠨ ᠲᠣᠭᠲᠠᠮᠠᠯ ᠬᠤᠷᠠᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠨᠡᠪᠲᠡᠷᠡᠭᠦᠯᠭᠡ᠂ ᠤᠯᠠᠷᠢᠯ ᠤᠨ ᠵᠠᠳᠠᠯᠤᠯᠲᠠ ᠂ ᠵᠢᠯ ᠤᠨ ᠬᠢᠨᠠᠨ ᠰᠢᠯᠭᠠᠯᠲᠠ︾ ᠬᠢᠬᠦ ᠬᠡᠪᠰᠢᠭᠰᠡᠨ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠤᠲᠠ ᠶᠢᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠭᠡᠷ ᠤᠨ ᠬᠠᠷᠢᠭᠤ ᠲᠤᠰᠬᠠᠭᠰᠠᠨ ᠰᠠᠨᠠᠭᠤᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠬᠤᠯᠪᠣᠭᠳᠠᠯ ᠪᠦᠬᠦᠢ ᠨᠢᠭᠡᠴᠡ ᠶᠢ ᠵᠣᠬᠢᠴᠠᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠭᠡᠷᠡᠴᠢ ᠮᠠᠲ᠋ᠧᠷᠢᠶᠠᠯ ᠢ ᠲᠡᠭᠦᠯᠳᠡᠷᠵᠢᠭᠦᠯᠦᠨ᠂ ᠲᠤᠯᠭᠠᠭᠤᠷᠢᠯᠠᠭᠰᠠᠨ ᠬᠡᠷᠡᠭ ᠤᠨ ᠵᠢᠱᠢᠶ᠎ᠡ ᠶᠢ ᠪᠠᠶᠠᠯᠢᠭᠵᠢᠭᠤᠯᠬᠤ ᠬᠡᠷᠡᠭᠲᠡᠢ︔ ᠡᠭᠦᠨ ᠤ ᠵᠡᠷᠭᠡ ᠳᠤ ᠬᠤᠲᠠ ᠶᠢᠨ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠤᠭ ᠤᠨ ᠰᠢᠨ᠎ᠡ ᠱᠠᠭᠠᠷᠳᠠᠯᠭ᠎ᠠ ᠶᠢ ᠡᠵᠡᠮᠰᠢᠨ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ 6 ᠰᠠᠷ᠎ᠠ ᠶᠢᠨ 10 ᠤ ᠡᠳᠦᠷ ᠠᠴᠠ ᠡᠮᠦᠨ᠎ᠡ ᠴᠡᠭᠴᠡᠯᠡᠨ ᠥᠭᠡᠷᠡᠴᠢᠯᠡᠬᠦ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ  ᠬᠢᠨ ᠪᠠᠰᠠ ᠨᠡᠶᠢᠲᠡᠯᠢᠭ ᠵᠢᠱᠢᠶ᠎ᠡ ᠶᠢ ᠪᠣᠶᠢᠵᠢᠭᠤᠯᠬᠤ ᠪᠠ ᠬᠢᠯᠠᠰ ᠴᠡᠭ ᠢ ᠬᠦᠮᠦᠵᠢᠭᠦᠯᠬᠦ ᠠᠵᠢᠯ ᠢ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠲᠠᠯ᠎ᠠ ᠠᠴᠠ ᠡᠭᠦᠰᠴᠦ᠂ ᠲᠤᠰ ᠪᠡᠶ᠎ᠡ ᠶᠢᠨ ᠳᠣᠲᠠᠭᠲᠠᠯ ᠪᠠᠭᠤᠷᠠᠢ ᠵᠦᠢᠯ ᠤᠨ ᠢᠶᠠᠨ ᠲᠣᠭᠤᠷᠢᠨ ᠳᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号