6 ᠰᠠᠷ᠎ᠠ ᠶᠢᠨ 5 ᠤ ᠡᠳᠦᠷ᠂ ᠯᠦᠪᠧᠢ ᠪᠠᠯᠭᠠᠰᠤ ︽ᠰᠤᠷᠭᠠᠭᠤᠯᠢ ᠳᠡᠪᠰᠢᠬᠦ ᠳᠠᠶᠢᠯᠠᠯᠭ᠎ᠠ︾ ᠶᠢ ᠲᠤᠰᠬᠠᠢ | ᠵᠠᠰᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠢᠪᠡ᠃ ᠬᠤᠷᠠᠯ ᠠᠴᠠ ᠬᠤᠰᠢᠭᠤᠨ ᠤ ᠲᠣᠭᠲᠠᠭᠠᠯ | ᠠᠴᠠ ᠵᠥᠷᠢᠴᠡᠨ ︽ᠰᠤᠷᠭᠠᠭᠤᠯᠢ ᠳᠡᠪᠰᠢᠭᠰᠡᠨ ᠳᠠᠶᠢᠯᠠᠯᠭ᠎ᠠ︾ ︽ᠪᠠᠭᠰᠢ ᠳᠤ ᠪᠠᠨ ᠲᠠᠯᠠᠷᠬᠠᠭᠰᠠᠨ ᠳᠠᠶᠢᠯᠠᠯᠭ᠎ᠠ︾ | ᠳᠤ ᠣᠷᠣᠯᠴᠠᠬᠤ ᠶᠢ ᠴᠢᠩᠭ᠎ᠠ ᠴᠠᠭᠠᠵᠠᠯᠠᠬᠤ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠬᠤ ᠶᠢᠨ ᠬᠠᠮᠲᠤ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠬᠤᠷᠠᠯ ᠳᠤ ᠣᠷᠣᠯᠴᠠᠭᠰᠠᠨ ᠺᠠᠳ᠋ᠷᠴᠤᠳ ︽ᠵᠠᠷᠤᠳ ᠬᠤᠰᠢᠭᠤᠨ ᠤ | ᠨᠠᠮ ᠤᠨ ᠭᠡᠰᠢᠭᠦᠨ ᠺᠠᠳ᠋ᠷ ᠪᠠ ᠨᠡᠶᠢᠲᠡ ᠶᠢᠨ ᠡᠷᠬᠡ ᠶᠢ ᠬᠡᠷᠡᠭᠵᠢᠭᠦᠯᠵᠦ ᠪᠠᠶᠢᠭ᠎ᠠ ᠬᠥᠮᠥᠰ ᠲᠣᠭᠲᠠᠭᠠᠯ ᠢ ᠵᠥᠷᠢᠴᠡᠨ ︿ | ᠰᠤᠷᠭᠠᠭᠤᠯᠢ ᠳᠡᠪᠰᠢᠬᠦ ᠳᠠᠶᠢᠯᠠᠯᠭ᠎ᠠ﹀ ᠬᠢᠬᠦ ᠦᠭᠡᠢ ᠭᠡᠰᠡᠨ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ | ᠵᠢᠷᠤᠪᠠ᠃ | | | |