ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠨ ᠴᠢᠩ ᠯᠢᠨ ᠴᠢᠨᠳᠠᠮᠤᠨᠢ ᠰᠤᠮᠤ ᠳᠤ ᠬᠦᠷᠴᠦ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/7
微信图片_20230607094639.jpg
     6 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠨ ᠴᠢᠩ ᠯᠢᠨ ᠴᠢᠨᠳᠠᠮᠤᠨᠢ ᠰᠤᠮᠤ ᠳᠤ ᠬᠦᠷᠴᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠪᠠᠶᠢᠴᠠᠭᠠᠨ ᠰᠤᠳᠤᠯᠤᠯᠲᠠ ᠬᠢᠪᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠵᠠᠩ ᠶᠦᠩ ᠴᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠰᠳᠡᠯᠭᠡᠷ ᠵᠢᠴᠢ ᠰᠤᠮᠤᠨ ᠤ ᠭᠤᠣᠯ ᠤᠳᠤᠷᠢᠳᠤᠯᠭ᠎ᠠ ᠪᠠᠷ᠎ᠠ ᠪᠣᠯᠪᠠ᠃ ᠵᠠᠨ ᠴᠢᠩ ᠯᠢᠨ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠴᠢᠨᠳᠠᠮᠤᠨᠢ ᠰᠤᠮᠤ ᠶᠢᠨ ᠵᠢᠷᠠᠨᠬᠤᠸᠠ ᠭᠠᠴᠠᠭ᠎ᠠ ᠶᠢᠨ ᠵᠢᠷᠠᠨᠬᠤᠸᠠ ᠤᠯᠠᠭᠠᠨ ᠠᠮᠳᠠᠳᠤ ᠢᠳᠡᠭᠡᠨ ᠤ ᠦᠢᠯᠡᠳᠪᠦᠷᠢ ᠪᠣᠯᠣᠨ ᠵᠢᠭᠠᠰᠤᠳᠠᠢ ᠭᠠᠴᠠᠭ᠎ᠠ ᠶᠢᠨ ᠨᠠᠮ ᠤᠯᠠᠨ ᠲᠦᠮᠡᠨ ᠳᠤ ᠤᠶᠢᠯᠡᠴᠢᠯᠡᠬᠦ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃    
微信图片_20230607094654.jpg
       ᠪᠠᠶᠢᠴᠠᠭᠠᠨ ᠰᠤᠳᠤᠯᠤᠯᠲᠠ ᠳᠤ ᠵᠢᠭᠠᠵᠤ ᠭᠠᠷᠭᠠᠭᠰᠠᠨ ᠨᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠤᠷᠢᠳᠴᠢᠯᠠᠨ ᠦᠢᠯᠡᠴᠢᠯᠡᠵᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠳᠤᠮᠳᠠ ᠢᠯᠡᠷᠡᠭᠰᠡᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯ ᠤᠨ ᠰᠡᠳᠬᠢᠴᠡ ᠪᠠᠨ ᠳᠠᠰᠤᠷᠠᠯᠳᠠ ᠦᠭᠡᠢ ᠰᠢᠨᠡᠴᠢᠯᠡᠵᠦ᠂ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠭᠡᠬᠦ ᠬᠤᠶᠠᠷ ᠶᠡᠭᠡ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠢᠰᠤ ᠪᠦᠲᠦᠭᠡᠬᠦ ᠴᠢᠳᠠᠪᠬᠢ ᠪᠠᠨ ᠳᠠᠰᠤᠷᠠᠯᠳᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠬᠤᠷᠳᠤᠴᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠬᠡᠷᠡᠭᠳᠠᠢ ᠭᠡᠪᠡ᠃    
微信图片_20230607094703.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号