| | 6 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ | ᠦᠯᠵᠡᠶᠢᠮᠦ᠋ᠷᠡᠨ ᠰᠤᠮᠤᠨ ᠳᠤ ᠬᠦᠷᠴᠦ ᠭᠤᠣᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ | ᠵᠢᠭᠠᠨ ᠵᠢᠯᠣᠭᠤᠳᠪᠠ᠃ | | | ᠯᠢᠦ ᠰᠢ ᠯᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠡᠳᠬᠢᠯ ᠰᠠᠨᠠᠭ᠎ᠠ ᠪᠠᠨ ᠰᠣᠯᠢᠯᠴᠠᠬᠤ ᠵᠡᠷᠭᠡ | ᠬᠡᠯᠪᠡᠷᠢ ᠪᠠᠷ ᠳᠠᠮᠵᠢᠨ᠂ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠬᠦᠯᠢᠶᠡᠨ ᠠᠪᠴᠤ | ᠰᠢᠢᠳᠪᠦᠷᠢᠯᠡᠬᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠺᠠᠳ᠋ᠷ ᠤᠨ ᠪᠠᠶᠢᠭᠤᠯᠤᠯᠲᠠ | ᠬᠠᠮᠢᠶᠠᠷᠤᠯᠲᠠ᠂ ︽ᠭᠤᠷᠪᠠᠨ ᠴᠢᠬᠤᠯᠠ ᠨᠢᠭᠡ ᠶᠡᠭᠡ︾ ᠳᠦᠷᠢᠮ ᠢ ᠨᠠᠶᠢᠳᠠᠪᠤᠷᠢᠵᠢᠭᠤᠯᠬᠤ᠂ ᠭᠡᠷ ᠤᠨ ᠰᠤᠷᠲᠠᠯ | ᠭᠡᠷ ᠤᠨ ᠬᠥᠮᠦᠵᠢᠯ ᠤᠨ ᠪᠠᠶᠢᠭᠤᠯᠤᠯᠲᠠ ᠵᠡᠷᠭᠡ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠥᠷᠨᠢᠭᠦᠯᠬᠦ ᠲᠤᠬᠠᠢ ᠵᠢᠯᠤᠭᠤᠳᠬᠤ ᠴᠢᠨᠠᠷᠲᠠᠢ ᠰᠠᠨᠠᠯ ᠳᠣᠷᠠᠳᠪᠠ᠃ | ᠯᠢᠦ ᠰᠢ ᠯᠢᠨ ᠱᠠᠭᠠᠷᠳᠠᠭᠰᠠᠨ ᠨᠢ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠨᠠᠮ ᠤᠨ | ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠠᠵᠢᠯ ᠤᠨ ᠪᠠᠶᠢᠷᠢ ᠬᠤᠣᠰ | ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠣᠨ ᠲᠤᠬᠠᠶᠢᠯᠠᠭᠰᠠᠨ ᠠᠵᠢᠯ ᠢ ᠵᠡᠷᠭᠡᠪᠡᠷ ᠲᠣᠬᠢᠷᠠᠭᠤᠯᠵᠤ᠂ ᠵᠡᠷᠭᠡᠪᠡᠷ ᠪᠠᠶᠢᠷᠢᠯᠠᠭᠤᠯᠬᠤ ᠶᠢ ᠠᠬᠢᠭᠤᠯᠬᠤ ᠬᠡᠷᠡᠭᠲᠡᠢ︔ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡ ᠶᠢ ᠰᠢᠯᠢᠳᠡᠭᠵᠢᠭᠦᠯᠦᠨ ᠰᠣᠩᠭᠤᠨ | ᠲᠣᠬᠢᠷᠠᠭᠤᠯᠵᠤ᠂ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠶᠢᠴᠢᠯᠠᠨ᠂ ᠪᠠᠶᠢᠩᠭᠤ ᠶᠢᠨ ᠴᠢᠨᠠᠷᠲᠠᠢ ᠪᠠᠷ ᠰᠡᠳᠬᠢᠯ ᠰᠠᠨᠠᠭ᠎ᠠ ᠪᠠᠨ ᠰᠣᠯᠢᠯᠴᠠᠬᠤ᠂ ᠺᠠᠳ᠋ᠷ ᠤᠨ ᠠᠵᠢᠯ | ᠵᠢᠴᠢ ᠠᠮᠢᠳᠤᠷᠠᠯ ᠤᠨ ᠪᠠᠶᠢᠳᠠᠯ ᠢ ᠣᠶᠢᠯᠠᠭᠠᠨ᠂ ᠪᠠᠶᠢᠭᠤᠯᠭ᠎ᠠ ᠶᠢᠨ ᠺᠠᠳ᠋ᠷ᠂ ᠭᠠᠴᠠᠭ᠎ᠠ ᠲᠣᠰᠬᠤᠨ ᠤ ᠺᠠᠳ᠋ᠷ ᠤᠨ | ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ︔ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠯᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠣᠶᠣᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠣᠶᠣᠯ ᠤᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠪᠣᠯᠭᠠᠨ ᠠᠳᠬᠤᠬᠤ᠂ ᠪᠠᠶᠢᠩᠭᠤ ᠴᠢᠩᠭ᠎ᠠ | ᠪᠠᠶᠢᠯᠭᠠᠬᠤ ᠶᠢ ᠬᠦᠴᠦᠯᠡᠨ ᠠᠬᠢᠭᠤᠯᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠠᠶᠢᠩᠭᠤ ᠳᠤᠷᠠᠳᠬᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠶᠢ ᠪᠠᠶᠢᠩᠭᠤ ᠠᠳᠬᠤᠬᠤ᠂ ᠠᠷᠢᠭᠤᠨ ᠴᠢᠬᠡᠴᠢ ᠪᠠᠷ ᠵᠠᠰᠠᠭ | ᠪᠠᠷᠢᠬᠤ ᠨᠠᠮ ᠤᠨ ᠬᠢᠴᠢᠶᠡᠯ ᠢ ᠪᠠᠶᠢᠩᠭᠤ ᠣᠷᠣᠭᠤᠯᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠦᠯᠢᠭᠡᠷ ᠢ | ᠪᠠᠶᠢᠩᠭᠤ ᠶᠠᠷᠢᠬᠤ᠂ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠠᠭᠤᠷ ᠠᠮᠢᠰᠬᠤᠯ ᠢ ᠪᠠᠶᠢᠩᠭᠤ ᠪᠠᠶᠢᠯᠭᠠᠬᠤ ᠵᠡᠷᠭᠡ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠬᠠᠮᠲᠤ ᠠᠷᠢᠭᠤᠨ ᠴᠢᠬᠡᠴᠢ ᠶᠢᠨ ᠬᠥᠮᠦᠵᠢᠯ ᠢ ᠭᠡᠷ | ᠪᠦᠯᠢ ᠶᠢᠨ ᠡᠳᠦᠷ ᠲᠤᠳᠤᠮ ᠤᠨ ᠠᠮᠢᠳᠤᠷᠠᠯ ᠳᠤ ᠠᠭᠤᠰᠬᠠᠬᠤ ᠶᠢ ᠲᠦᠯᠬᠢᠨ ᠠᠬᠢᠭᠤᠯᠵᠤ᠂ ᠢᠯᠵᠠᠷᠠᠯ ᠢ ᠡᠰᠡᠷᠭᠦᠴᠡᠨ | ᠬᠤᠪᠢᠷᠠᠬᠤ ᠶᠢ ᠰᠡᠷᠭᠡᠶᠢᠯᠡᠬᠦ ᠭᠡᠷ ᠪᠦᠯᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠯᠡᠵᠦ᠂ ᠴᠡᠪᠡᠷ ᠰᠢᠳᠣᠷᠭᠤ | ᠭᠡᠷ ᠤᠨ ᠰᠤᠷᠲᠠᠯ ᠳᠤ ᠠᠷᠢᠭᠤᠨ ᠴᠢᠬᠡᠴᠢ ᠣᠪᠣᠷ ᠰᠤᠷᠲᠠᠯ ᠢ ᠠᠬᠤᠭᠤᠯᠬᠤ ᠬᠡᠷᠡᠭᠲᠡᠢ︔ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠶ᠎ᠠ | ᠭᠠᠵᠠᠷ ᠤᠨ ᠬᠠᠷᠢᠭᠤᠴᠠᠯᠭ᠎ᠠ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠪᠠᠷ | ᠢᠯᠡᠴᠢᠯᠡᠨ ᠮᠡᠳᠡᠭᠦᠯᠦᠭᠰᠡᠨ ᠬᠡᠷᠡᠭ ᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠶᠢ ᠪᠠᠲᠤᠯᠠᠬᠤ | ᠬᠡᠷᠡᠭᠲᠡᠢ ᠭᠡᠪᠡ᠃ | | |