| | 2023 ᠣᠨ ᠤ ᠤᠯᠤᠰ ᠤᠨ ᠰᠢᠯᠭᠠᠯᠲᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠤᠯᠤᠰ ᠤᠨ | ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠬᠡᠳᠦᠨ | ᠡᠳᠦᠷ ᠤᠨ ᠲᠤᠷᠰᠢ᠂ ᠵᠠᠷᠤᠳ ᠬᠤᠰᠢᠭᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨ ᠢᠳᠡᠪᠬᠢᠲᠡᠢ | ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠤᠯᠤᠰ ᠤᠨ ᠰᠢᠯᠭᠠᠯᠲᠠ ᠶᠢᠨ ᠡᠯ᠎ᠡ | ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠤᠯᠤᠰ ᠤᠨ | ᠰᠢᠯᠭᠠᠯᠲᠠ ᠶᠢᠨ ᠰᠢᠯᠭᠠᠭᠤᠯᠤᠭᠴᠢ ᠳᠤ ᠰᠢᠯᠢᠳᠡᠭ ᠰᠠᠶᠢᠨ᠂ ᠠᠮᠤᠷ ᠲᠦᠪᠰᠢᠨ᠂ ᠡᠷᠡᠭᠦᠯ ᠰᠠᠷᠠᠭᠤᠯ ᠰᠢᠯᠭᠠᠯᠲᠠ ᠶᠢᠨ | ᠣᠷᠴᠢᠨ ᠨᠥᠬᠦᠴᠡᠯ ᠢ ᠪᠣᠶ ᠪᠣᠯᠭᠠᠨ ᠥᠭᠴᠦ᠂ ︽ᠠᠶᠠᠯᠠᠯ ᠬᠠᠮᠠᠭᠠᠯᠠᠬᠤ︾ ᠵᠠᠭᠪᠤᠷ ᠢ ᠪᠥᠬᠦ ᠲᠠᠯ᠎ᠠ ᠪᠠᠷ | ᠡᠬᠢᠯᠡᠭᠦᠯᠦᠭᠰᠡᠨ ᠪᠠᠶᠢᠨ᠎ᠠ᠃ | | | 6 ᠰᠠᠷ᠎ᠠ ᠶᠢᠨ 5 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠭᠦᠸᠧ ᠶᠠ ᠹᠧᠩ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ | ᠠᠵᠢᠯᠲᠠᠳ ᠢ ᠳᠠᠭᠠᠭᠤᠯᠤᠨ ᠪᠥᠬᠦ ᠬᠤᠰᠢᠭᠤᠨ ᠤ ᠡᠯ᠎ᠡ ᠰᠢᠯᠭᠠᠯᠲᠠ ᠶᠢᠨ ᠴᠡᠭ ᠤᠨ ᠰᠤᠷᠤᠭᠴᠢᠳ ᠤᠨ ᠬᠤᠭᠤᠯᠠᠨ | ᠭᠡᠷ᠂ ᠬᠢᠨᠠᠨ ᠡᠵᠡᠮᠳᠡᠬᠦ ᠲᠠᠰᠤᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠬᠦᠷᠴᠦ᠂ ᠰᠢᠯᠭᠠᠯᠲᠠ ᠶᠢᠨ | ᠲᠠᠯᠠᠪᠤᠷ ᠲᠤ ᠣᠷᠣᠬᠤ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠰᠢᠯᠭᠠᠯᠲᠠ ᠶᠢᠨ ᠲᠠᠯᠠᠪᠤᠷ ᠤᠨ ᠲᠣᠬᠢᠷᠠᠭᠤᠯᠤᠯᠲᠠ᠂ | ᠢᠳᠡᠭᠡᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠦᠵᠡᠵᠦ᠂ | ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠠᠷᠢᠮᠵᠢᠶᠠᠯᠠᠵᠤ᠂ ᠰᠢᠯᠭᠠᠯᠲᠠ ᠶᠢᠨ | ᠶᠠᠪᠤᠳᠠᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠢᠭᠲᠠ ᠠᠴᠠ ᠨᠢᠭᠲᠠ | ᠨᠠᠶᠢᠳᠠᠪᠤᠷᠢᠵᠢᠭᠤᠯᠵᠤ᠂ ᠭᠡᠨᠡᠳᠲᠡ ᠶᠢᠨ ᠪᠠᠶᠢᠳᠠᠯ ᠢ ᠠᠷᠭᠠᠴᠠᠬᠤ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠦᠨ᠂ | ᠡᠯ᠎ᠡ ᠭᠤᠭᠴᠤᠭ᠎ᠠ ᠶᠢ ᠳᠠᠬᠢᠨ ᠡᠮᠬᠢᠯᠡᠨ ᠪᠠᠶᠢᠴᠠᠭᠠᠵᠤ᠂ ᠤᠯᠤᠰ ᠤᠨ ᠰᠢᠯᠭᠠᠯᠲᠠ ᠶᠢᠨ ᠠᠮᠤᠷ ᠲᠦᠪᠰᠢᠨ ᠪᠥᠭᠡᠳ | ᠲᠣᠭᠲᠠᠭᠤᠨ ᠡᠮᠬᠢ ᠵᠢᠷᠤᠮ ᠲᠠᠢ ᠶᠠᠪᠣᠭᠳᠠᠬᠤ ᠶᠢ ᠦᠨᠡᠨᠬᠦ ᠪᠠᠲᠤᠯᠠᠵᠤ᠂ ᠦᠢ ᠣᠯᠠᠨ ᠰᠤᠷᠤᠭᠴᠢᠳ ᠤᠨ ᠠᠮᠵᠢᠯᠲᠠ | ᠣᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ | | | ᠤᠯᠤᠰ ᠤᠨ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ | ᠰᠢᠯᠭᠠᠭᠤᠯᠣᠭᠴᠢᠳ ᠲᠤ ᠰᠠᠨᠠᠭ᠎ᠠ ᠠᠮᠤᠷ᠂ ᠳᠤᠯᠠᠭᠠᠨ᠂ ᠲᠠᠭᠠᠯᠠᠮᠵᠢᠲᠠᠢ᠂ ᠠᠮᠤᠷ ᠲᠥᠪᠰᠢᠨ ᠣᠷᠴᠢᠨ ᠲᠣᠭᠤᠷᠢᠨ ᠢ | ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠤᠷᠴᠠ ᠴᠢᠳᠠᠮᠠᠭᠠᠢ ᠬᠦᠴᠦᠨ ᠢᠶᠠᠨ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠯ᠎ᠡ | ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠷᠢᠭᠤᠨ ᠴᠡᠪᠡᠷ ᠤᠨ ᠠᠮᠤᠷ | ᠲᠦᠪᠰᠢᠨ ᠳᠤ ᠲᠤᠰᠬᠠᠢ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ | ᠬᠤᠭᠤᠯᠠ ᠬᠠᠩᠭᠠᠬᠤ ᠲᠥᠷᠥᠯ ᠵᠦᠢᠯ᠂ ᠢᠳᠡᠭᠡᠨ ᠤ ᠵᠦᠢᠯ ᠤᠨ ᠲᠣᠬᠢᠷᠠᠭᠤᠯᠬᠤ ᠶᠢ ᠨᠠᠷᠢᠨ ᠣᠶᠢᠯᠠᠭᠠᠬᠤ ᠶᠢᠨ | ᠬᠠᠮᠲᠤ ᠬᠤᠭᠤᠯᠠᠨ ᠭᠡᠷ ᠤᠨ ᠠᠷᠤ ᠲᠠᠯ᠎ᠠ ᠶᠢᠨ ᠲᠣᠭᠤᠭᠠᠨ ᠭᠡᠷ ᠲᠤ ᠭᠦᠨᠵᠡᠭᠡᠶᠢᠷᠡᠨ ᠪᠣᠯᠪᠠᠰᠤᠷᠠᠭᠤᠯᠬᠤ ᠣᠷᠴᠢᠨ | ᠲᠣᠭᠤᠷᠢᠨ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠢ ᠬᠠᠳᠠᠭᠠᠯᠠᠬᠤ ᠨᠥᠬᠦᠴᠡᠯ᠂ ᠬᠤᠭᠤᠯᠠᠨ ᠰᠠᠪᠠ | ᠬᠡᠷᠡᠭᠰᠡᠯ ᠢ ᠠᠷᠢᠭᠤᠳᠬᠠᠬᠤ᠂ ᠲᠦᠭᠦᠬᠡᠢ ᠮᠠᠲ᠋ᠧᠷᠢᠶᠠᠯ ᠢ ᠴᠡᠭ ᠲᠣᠭᠲᠠᠭᠠᠨ ᠬᠤᠳᠠᠯᠳᠤᠨ ᠠᠪᠬᠤ ᠪᠠ ᠭᠡᠷᠡᠴᠢ | ᠪᠠᠷᠢᠮᠲᠠ ᠠᠪᠬᠤ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠦᠵᠡᠵᠦ᠂ ᠬᠤᠭᠤᠯᠠᠨ ᠭᠡᠷ ᠤᠨ ᠬᠤᠭᠤᠯᠠ | ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠢᠯᠭᠠᠭᠤᠯᠤᠭᠴᠢ ᠳᠤ ᠰᠢᠮ᠎ᠡ ᠲᠡᠵᠢᠭᠡᠯ ᠲᠠᠢ᠂ ᠡᠷᠡᠭᠦᠯ | ᠮᠡᠨᠳᠦ᠂ ᠠᠮᠤᠷ ᠲᠦᠪᠰᠢᠨ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠬᠠᠩᠭᠠᠪᠠ᠃ ᠡᠯ᠎ᠡ ᠰᠢᠯᠭᠠᠯᠲᠠ ᠶᠢᠨ | ᠴᠡᠭ ᠤᠨ ᠰᠤᠷᠭᠠᠭᠤᠯᠢ ᠬᠢᠨ ᠪᠠᠰᠠ ᠤᠯᠤᠰ ᠤᠨ ᠰᠢᠯᠭᠠᠯᠲᠠ ᠶᠢᠨ ᠰᠣᠷᠣᠭᠴᠢ ᠳᠤ ᠲᠤᠰᠬᠠᠶᠢᠯᠠᠨ ᠵᠠᠭᠤᠰᠢ | ᠢᠳᠡᠭᠡᠨ ᠤ ᠵᠣᠷ ᠢ ᠲᠣᠭᠲᠠᠭᠠᠨ ᠥᠭᠴᠦ᠂ ︽ᠰᠤᠷᠭᠠᠭᠤᠯᠢ ᠳᠠᠭᠠᠨ ᠢᠳᠡᠵᠦ ᠣᠣᠭᠤᠵᠤ ᠤᠯᠤᠰ ᠤᠨ | ᠰᠢᠯᠭᠠᠯᠲᠠ ᠳᠤ ᠰᠠᠶᠢᠨ ᠬᠢᠷᠢ ᠪᠦᠲᠦᠮᠵᠢ ᠣᠯᠬᠤ︾ ᠢ ᠦᠨᠡᠨ ᠬᠦ ᠪᠠᠲᠣᠯᠠᠪᠠ᠃ | | | ᠣᠶᠢᠯᠠᠭᠠᠭᠰᠠᠨ ᠢᠶᠠᠷ᠂ ᠡᠨᠡ ᠵᠢᠯ ᠤᠨ ᠤᠯᠤᠰ ᠤᠨ ᠰᠢᠯᠭᠠᠯᠲᠠ ᠶᠢᠨ ᠬᠤᠭᠤᠴᠠᠭᠠᠨ ᠳᠤ᠂ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠬᠥᠮᠥᠨ ᠲᠣᠮᠢᠯᠠᠨ ᠡᠯ᠎ᠡ ᠰᠢᠯᠭᠠᠯᠲᠠ ᠶᠢᠨ | ᠴᠡᠭ ᠲᠤ ᠰᠠᠭᠤᠯᠭᠠᠵᠤ᠂ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠯᠭᠠᠭᠤᠯᠤᠭᠴᠢ ᠶᠢᠨ | ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠣᠯᠠᠬᠤ ᠪᠠᠷ ᠪᠤᠢ᠃ | ᠡᠭᠦᠨ ᠤ ᠵᠡᠷᠭᠡ ᠳᠤ᠂ ᠤᠯᠤᠰ ᠤᠨ ᠰᠢᠯᠭᠠᠯᠲᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠳᠤ 100 | ᠭᠠᠷᠤᠢ ︽ᠰᠢᠯᠭᠠᠭᠤᠯᠤᠭᠴᠢ ᠶᠢ ᠰᠦᠢᠳᠬᠡᠯ ᠬᠤᠷᠢᠶᠠᠬᠤ ᠦᠭᠡᠢ ᠪᠠᠷ ᠲᠤᠰᠴᠤ ᠬᠦᠷᠭᠡᠬᠦ︾ ᠮᠠᠰᠢᠨ ᠲᠡᠷᠭᠡ ᠪᠠ | ᠨᠡᠶᠢᠲᠡ ᠶᠢᠨ ᠮᠠᠰᠢᠨ ᠲᠡᠷᠭᠡ ᠰᠢᠯᠭᠠᠯᠲᠠ ᠶᠢᠨ ᠲᠠᠯᠠᠪᠠᠢ ᠳᠤ ᠬᠦᠷᠭᠡᠬᠦ ᠦᠢᠯᠡᠴᠢᠯᠡᠭᠡ ᠥᠷᠨᠢᠭᠦᠯᠵᠦ᠂ | ᠰᠢᠯᠭᠠᠭᠤᠯᠤᠭᠴᠢ ᠰᠢᠯᠭᠠᠭᠤᠯᠬᠤ ᠦᠨᠡᠮᠯᠡᠯ ᠢᠶᠠᠷ ᠢᠶᠠᠨ ᠰᠦᠢᠳᠬᠡᠯ ᠥᠭᠬᠦ ᠦᠭᠡᠢ ᠪᠠᠷ ᠰᠠᠭᠤᠵᠤ ᠪᠣᠯᠣᠨ᠎ᠠ᠃ | ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠠᠵᠤ | ᠠᠬᠤᠶᠢᠯᠠᠯ ᠤᠨ ᠬᠢᠨ ᠲᠤᠷᠰᠢᠯᠭ᠎ᠠ ᠲᠠᠢ᠂ ᠦᠢᠯᠡᠴᠢᠯᠡᠭᠡᠨ ᠤ ᠲᠡᠷᠢᠭᠦᠨ ᠲᠠᠰ ᠤᠨ ᠵᠢᠯᠣᠭᠤᠴᠢ ᠶᠢ ᠲᠣᠮᠢᠯᠠᠨ | ᠰᠢᠯᠭᠠᠯᠲᠠ ᠳᠤ ᠬᠦᠷᠭᠡᠬᠦ ᠦᠢᠯᠡᠴᠢᠯᠡᠭᠡ ᠬᠢᠯᠭᠡᠵᠦ᠂ ᠰᠢᠯᠭᠠᠭᠤᠯᠤᠭᠴᠢ ᠶᠢᠨ ᠠᠮᠤᠷ ᠲᠦᠪᠰᠢᠨ᠂ ᠲᠦᠷᠭᠡᠨ᠂ | ᠴᠠᠭ ᠲᠠᠭᠠᠨ ᠰᠢᠯᠭᠠᠯᠲᠠ ᠶᠢᠨ ᠲᠠᠯᠠᠪᠤᠷ ᠲᠤ ᠬᠦᠷᠬᠦ ᠶᠢ ᠦᠨᠡᠨ ᠬᠦ ᠪᠠᠲᠤᠯᠠᠨ᠎ᠠ᠃ | ᠰᠢᠯᠭᠠᠯᠲᠠ ᠶᠢᠨ ᠴᠡᠭ ᠤᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠪᠡᠯ᠂ ᠵᠠᠷᠤᠳ ᠬᠤᠰᠢᠭᠤᠨ ᠤ ᠰᠢᠩ ᠯᠦ | ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ | ᠨᠡᠶᠢᠲᠡ ᠶᠢᠨ ᠮᠠᠰᠢᠨ ᠲᠡᠷᠭᠡ ᠶᠢ ᠨᠡᠶᠢᠲᠡ 10 ᠭᠠᠷᠭᠠᠵᠤ᠂ ᠰᠢᠯᠭᠠᠯᠲᠠ ᠳᠤ ᠬᠦᠷᠭᠡᠬᠦ ᠦᠢᠯᠡᠴᠢᠯᠡᠭᠡ ᠥᠷᠨᠢᠭᠦᠯᠵᠦ᠂ | ᠲᠡᠷᠭᠡ ᠪᠦᠷᠢ ᠶᠢ ᠴᠥᠮ ᠴᠢᠩᠭ᠎ᠠ ᠨᠢᠮᠪᠠᠢ ᠰᠢᠯᠢᠨ ᠰᠣᠩᠭᠤᠬᠤ ᠪᠠ ᠠᠮᠤᠷ ᠲᠦᠪᠰᠢᠨ ᠤ ᠪᠠᠶᠢᠴᠠᠭᠠᠯᠲᠠ ᠬᠢᠵᠦ᠂ | ᠰᠢᠯᠭᠠᠭᠤᠯᠣᠭᠴᠢᠳ ᠤᠨ ᠶᠠᠪᠤᠵᠤ ᠰᠠᠭᠤᠬᠤ ᠶᠢᠨ ᠠᠮᠤᠷ ᠲᠦᠪᠰᠢᠨ ᠢ ᠦᠨᠡᠨ ᠬᠦ ᠪᠠᠲᠣᠯᠠᠨ᠎ᠠ᠃ | ᠰᠢᠯᠭᠠᠯᠲᠠ ᠶᠢᠨ ᠬᠤᠭᠤᠴᠠᠭᠠᠨ ᠳᠤ᠂ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠪᠠᠰᠠ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠪᠠᠷᠢᠯᠭ᠎ᠠ ᠶᠢᠨ ᠭᠠᠵᠠᠷ᠂ | ᠬᠤᠳᠠᠯᠳᠤᠭᠠᠨ ᠤ ᠤᠬᠠᠭᠤᠯᠭ᠎ᠠ᠂ ᠵᠠᠰᠠᠯ ᠴᠢᠮᠡᠭᠯᠡᠯ ᠤᠨ ᠱᠤᠤᠭᠢᠶᠠᠨ ᠵᠡᠷᠭᠡ ᠰᠢᠯᠭᠠᠭᠤᠯᠤᠭᠴᠢ ᠶᠢᠨ ᠰᠢᠯᠭᠠᠯᠲᠠ ᠶᠢ | ᠨᠥᠯᠥᠭᠡᠯᠡᠬᠦ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ | ᠰᠢᠯᠭᠠᠯᠲᠠ ᠶᠢᠨ ᠬᠤᠭᠤᠴᠠᠭᠠᠨ ᠳᠤ ︽ᠱᠤᠤᠭᠢᠶᠠᠨ ᠦᠭᠡᠢ︾ ᠪᠠᠶᠢᠬᠤ ᠶᠢ ᠦᠨᠡᠨ ᠬᠦ ᠪᠠᠲᠤᠯᠠᠨ᠎ᠠ᠃ | ᠡᠨᠡ ᠵᠢᠯ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ︽ᠬᠥᠬᠡᠭᠴᠢᠨ | ᠲᠥᠷᠥᠯ ᠤᠨ ᠬᠠᠯᠳᠠᠪᠣᠷᠢᠲᠤ ᠡᠪᠡᠳᠴᠢᠨ ᠳᠤ ᠬᠥᠬᠡᠭᠴᠢᠨ ᠳᠡᠰ ᠤᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ | ᠳᠠᠷᠠᠭᠠᠬᠢ ᠠᠩᠬ᠎ᠠ ᠤᠳᠠᠭᠠᠨ ᠤ ᠤᠯᠤᠰ ᠤᠨ ᠰᠢᠯᠭᠠᠯᠲᠠ ᠪᠣᠯᠣᠨ᠎ᠠ᠃ ᠣᠶᠢᠯᠠᠭᠠᠭᠰᠠᠨ ᠢᠶᠠᠷ᠂ ᠡᠨᠡ ᠵᠢᠯ ᠪᠥᠬᠦ | ᠬᠤᠰᠢᠭᠤᠨ ᠤ ᠨᠡᠶᠢᠲᠡ 1706 ᠰᠢᠯᠭᠠᠭᠤᠯᠤᠭᠴᠢ ᠤᠯᠤᠰ ᠤᠨ ᠰᠢᠯᠭᠠᠯᠲᠠ ᠳᠤ ᠣᠷᠣᠯᠴᠠᠵᠤ᠂ ᠨᠡᠶᠢᠲᠡ 2 | ᠰᠢᠯᠭᠠᠯᠲᠠ ᠶᠢᠨ ᠴᠡᠭ᠂ 64 ᠰᠢᠯᠭᠠᠯᠲᠠ ᠶᠢᠨ ᠲᠠᠯᠠᠪᠤᠷ ᠭᠠᠷᠭᠠᠵᠤ᠂ ᠰᠢᠯᠭᠠᠯᠲᠠ ᠶᠢᠨ ᠴᠡᠭ ᠨᠢᠭᠡᠪᠦᠷᠢ ᠳᠤ ᠲᠣᠰ | ᠪᠦᠷᠢ 2 ᠪᠡᠯᠡᠳᠬᠡᠯ ᠰᠢᠯᠭᠠᠯᠲᠠ ᠶᠢᠨ ᠲᠠᠯᠠᠪᠤᠷ ᠲᠣᠬᠢᠷᠠᠭᠤᠯᠪᠠ᠃ ᠡᠯ᠎ᠡ ᠰᠢᠯᠭᠠᠯᠲᠠ ᠶᠢᠨ ᠴᠡᠭ ᠲᠤ ᠣᠶᠤᠨᠴᠢ ᠠᠮᠤᠷ | ᠲᠦᠪᠰᠢᠨ ᠤ ᠪᠠᠶᠢᠴᠠᠭᠠᠯᠲᠠ ᠶᠢᠨ ᠡᠭᠦᠳᠡᠨ ᠪᠠᠷ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠬᠥᠮᠥᠨ ᠤ ᠵᠢᠰᠦ ᠶᠢ | ᠢᠯᠭᠠᠨ ᠲᠠᠨᠢᠬᠤ ᠶᠢ ᠤᠶᠠᠯᠳᠤᠭᠤᠯᠤᠭᠰᠠᠨ ᠠᠮᠤᠷ ᠲᠦᠪᠰᠢᠨ ᠤ ᠪᠠᠶᠢᠴᠠᠭᠠᠯᠲᠠ ᠶᠢᠨ ᠵᠠᠭᠪᠤᠷ ᠢ ᠠᠩᠬ᠎ᠠ ᠤᠳᠠᠭ᠎ᠠ | ᠬᠡᠷᠡᠭᠵᠢᠭᠦᠯᠵᠦ᠂ ᠣᠶᠤᠨᠴᠢ ᠲᠥᠬᠦᠭᠡᠷᠦᠮᠵᠢ ᠢ ᠰᠢᠯᠭᠠᠯᠲᠠ ᠶᠢᠨ ᠲᠠᠯᠠᠪᠤᠷ ᠲᠤ ᠠᠪᠴᠤ ᠣᠷᠣᠬᠤ ᠶᠢ ᠴᠢᠩᠭ᠎ᠠ | ᠰᠡᠷᠭᠡᠶᠢᠯᠡᠨ᠎ᠡ᠃ ᠣᠳᠣᠬᠠᠨ ᠳᠤ᠂ ᠪᠥᠬᠦ ᠬᠤᠰᠢᠭᠤᠨ ᠤ ᠳᠡᠭᠡᠳᠦ ᠰᠢᠯᠭᠠᠯᠲᠠ ᠶᠢᠨ ᠵᠣᠬᠢᠶᠠᠨ ᠪᠠᠶᠢᠭᠤᠯᠬᠤ ᠠᠵᠢᠯ | ᠶᠠᠭ ᠯᠠᠪᠳᠠᠭᠤᠨ ᠪᠠᠲᠤᠲᠠᠢ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | | | | | |