| ᠪᠠᠰᠠ ᠨᠢᠭᠡ ᠵᠢᠯ ᠤᠨ ᠤᠯᠤᠰ ᠤᠨ ᠰᠢᠯᠭᠠᠯᠲᠠ ᠶᠢᠨ ᠤᠯᠠᠷᠢᠯ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠦᠶ᠎ᠡ | ᠪᠣᠯᠣᠯ᠎ᠠ᠃ 6 ᠰᠠᠷ᠎ᠠ ᠶᠢᠨ 7 ᠤ ᠡᠳᠦᠷ᠂ 2023 ᠣᠨ ᠤ ᠪᠥᠬᠦ ᠤᠯᠤᠰ ᠤᠨ ᠰᠢᠯᠭᠠᠯᠲᠠ ᠵᠢᠩᠬᠢᠨᠢ ᠪᠠᠷ ᠡᠬᠢᠯᠡᠵᠦ | ᠂ ᠵᠠᠷᠤᠳ ᠬᠤᠰᠢᠭᠤᠨ ᠤ 1706 ᠰᠣᠷᠣᠭᠴᠢ ᠰᠢᠯᠭᠠᠯᠲᠠ ᠶᠢᠨ ᠲᠠᠯᠠᠪᠠᠶ ᠳᠤ ᠣᠷᠣᠵᠤ᠂ ᠲᠡᠳᠡᠨ ᠤ ᠠᠮᠢᠳᠤᠷᠠᠯ ᠤᠨ | ᠳᠤᠮᠳᠠᠬᠢ ᠨᠢᠭᠡ ᠤᠳᠠᠭᠠᠨ ᠤ ᠶᠡᠭᠡ ᠰᠢᠯᠭᠠᠯᠲᠠ ᠶᠢ ᠤᠭᠲᠤᠨ ᠠᠪᠤᠪᠠ᠃ | | | ᠬᠠᠷ᠎ᠠ ᠥᠷᠯᠥᠭᠡ᠂ ᠰᠢᠯᠭᠠᠯᠲᠠ ᠶᠢᠨ ᠴᠡᠭ ᠤᠨ ᠨᠢᠭᠡ ᠪᠣᠯᠤᠭᠰᠠᠨ ᠵᠠᠷᠤᠳ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ ᠠᠯᠢ ᠡᠷᠲᠡ ᠠᠴᠠ ᠰᠡᠷᠭᠡᠶᠢᠯᠡᠯᠲᠡ ᠶᠢᠨ ᠱᠤᠭᠤᠮ ᠢᠶᠠᠨ ᠲᠠᠲᠠᠪᠠ᠃ ᠥᠷᠯᠥᠭᠡ ᠶᠢᠨ | ᠦᠷ ᠤᠨ ᠲᠤᠶᠠᠭ᠎ᠠ᠂ ᠵᠣᠨ ᠤ ᠤᠷᠢᠬᠠᠨ ᠰᠠᠯᠬᠢᠨ ᠤ ᠠᠶᠠᠰ ᠢᠶᠠᠷ ᠰᠢᠯᠭᠠᠭᠤᠯᠤᠭᠴᠢᠳ ᠰᠢᠯᠭᠠᠯᠲᠠ ᠶᠢᠨ ᠴᠡᠭ ᠤᠨ | ᠭᠠᠳᠠᠨ᠎ᠠ ᠬᠦᠷᠴᠦ ᠰᠢᠯᠭᠠᠭᠤᠯᠬᠤ ᠦᠨᠡᠮᠯᠡᠯ᠂ ᠪᠡᠶ᠎ᠡ ᠶᠢᠨ ᠦᠨᠡᠮᠯᠡᠯ ᠵᠡᠷᠭᠡ ᠪᠠᠨ ᠪᠠᠶᠢᠴᠠᠯᠭᠠᠭᠰᠠᠨ ᠳᠠᠷᠠᠭ᠎ᠠ ᠢᠲᠡᠭᠡᠯ | ᠳᠦᠭᠦᠷᠡᠩ ᠰᠢᠯᠭᠠᠯᠲᠠ ᠶᠢᠨ ᠲᠠᠯᠠᠪᠠᠶ ᠳᠤ ᠣᠷᠣᠪᠠ᠃ | ᠰᠢᠯᠭᠠᠯᠲᠠ ᠶᠢᠨ ᠲᠠᠯᠠᠪᠠᠢ ᠳᠤ᠂ ᠲᠦᠭ ᠲᠦᠮᠡᠨ ᠰᠤᠷᠤᠭᠴᠢᠳ ᠬᠦᠰᠡᠯ ᠵᠡᠭᠦᠳᠦ ᠪᠠ ᠢᠷᠡᠭᠡᠳᠦᠢ ᠶᠢᠨ ᠢᠶᠠᠨ | ᠲᠥᠯᠥᠭᠡ ᠪᠢᠷ ᠲᠠᠯᠪᠢᠨ᠂ ᠣᠮᠤᠭ ᠵᠣᠷᠢᠭ ᠲᠠᠢ ᠪᠠᠷ ᠠᠪᠢᠶᠠᠰ ᠴᠢᠳᠠᠪᠤᠷᠢ ᠪᠠᠨ ᠪᠠᠳᠠᠷᠠᠭᠤᠯᠤᠨ᠎ᠠ︔ ᠰᠢᠯᠭᠠᠯᠲᠠ ᠶᠢᠨ | ᠲᠠᠯᠠᠪᠤᠷ ᠤᠨ ᠭᠠᠳᠠᠨ᠎ᠠ᠂ ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠭᠠᠯ | ᠤᠨᠲᠠᠷᠠᠭᠠᠬᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠬᠢᠨ ᠪᠥᠬᠦ | ᠬᠤᠰᠢᠭᠤᠨ ᠤ ᠤᠯᠤᠰ ᠤᠨ ᠰᠢᠯᠭᠠᠯᠲᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠢᠶᠠᠷ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠮ ᠡᠮᠨᠡᠯᠭᠡ ᠶᠢᠨ ᠪᠠᠲᠤᠯᠠᠭ᠎ᠠ᠂ ᠭᠠᠯ ᠤᠨᠲᠠᠷᠠᠭᠠᠬᠤ ᠳᠠᠯᠳᠠ | ᠬᠡᠮ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠠᠯ᠎ᠠ ᠪᠠᠷ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠰᠢᠯᠭᠠᠭᠤᠯᠤᠭᠴᠢᠳ ᠲᠤ ᠠᠮᠤᠷ ᠲᠦᠪᠰᠢᠨ᠂ ᠨᠠᠮ ᠵᠢᠮ ᠰᠢᠯᠭᠠᠯᠲᠠ ᠶᠢᠨ ᠣᠷᠴᠢᠨ ᠲᠣᠭᠤᠷᠢᠨ ᠢ | ᠪᠣᠶ ᠪᠣᠯᠭᠠᠵᠤ᠂ ᠤᠯᠤᠰ ᠤᠨ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ | | | ᠰᠡᠷᠭᠡᠶᠢᠯᠡᠯᠲᠡ ᠶᠢᠨ ᠱᠤᠭᠤᠮ ᠤᠨ ᠭᠠᠳᠠᠨ᠎ᠠ᠂ ᠵᠠᠮ ᠤᠨ ᠬᠠᠵᠠᠭᠤ ᠪᠠᠷ ᠨᠢᠭᠡ ᠮᠥᠷ ᠳᠦᠷᠢᠶᠡᠰᠦᠨ ᠲᠡᠷᠭᠡ ᠲᠡᠷᠢ | ᠲᠡᠭᠰᠢ ᠵᠣᠭᠰᠣᠵᠤ ᠪᠠᠶᠢᠳᠠᠭ᠂ ᠲᠠᠳᠠ ᠪᠣᠯ ᠳᠠᠷᠤᠢ ᠵᠠᠷᠤᠳ ᠬᠤᠰᠢᠭᠤᠨ ᠤ ᠬᠠᠶᠢᠷ᠎ᠠ ᠬᠠᠯᠠᠮᠵᠢ ᠶᠢᠨ ᠲᠡᠷᠭᠡᠨ ᠠᠩᠭᠢ | ᠪᠣᠯᠣᠨ᠎ᠠ᠃ ᠰᠢᠯᠭᠠᠭᠤᠯᠤᠭᠴᠢ ᠶᠢ ᠲᠣᠭᠲᠠᠭᠰᠠᠨ ᠴᠠᠭ ᠲᠠᠭᠠᠨ ᠰᠢᠯᠭᠠᠯᠲᠠ ᠶᠢᠨ ᠲᠠᠯᠠᠪᠠᠶ ᠳᠤ ᠣᠷᠣᠭᠤᠯᠬᠤ ᠶᠢᠨ | ᠲᠥᠯᠥᠭᠡ᠂ ᠣᠯᠠᠨ ᠮᠠᠰᠢᠨ ᠲᠡᠷᠭᠡ ᠶᠢᠨ ᠵᠢᠯᠣᠭᠤᠴᠢ ᠰᠢᠯᠭᠠᠭᠤᠯᠤᠭᠴᠢ ᠳᠤ ᠰᠦᠢᠳᠬᠡᠯ ᠬᠤᠷᠢᠶᠠᠬᠤ ᠦᠭᠡᠢ ᠪᠠᠷ | ᠲᠤᠰᠴᠤ ᠬᠦᠷᠭᠡᠬᠦ ᠦᠢᠯᠡᠴᠢᠯᠡᠭᠡ ᠬᠠᠩᠭᠠᠬᠤ ᠪᠠᠷ ᠴᠠᠭ ᠢᠮᠠᠭᠲᠠ ᠪᠡᠯᠡᠬᠡᠨ ᠪᠠᠶᠢᠪᠠ᠃ | ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢᠯᠭᠠᠯᠲᠠ ᠳᠠᠭᠤᠰᠣᠭᠰᠠᠨ ᠬᠤᠩᠬᠤ ᠳᠤᠤᠭᠠᠷᠬᠤ ᠶᠢ | ᠳᠠᠭᠠᠯᠳᠤᠨ᠂ 2023 ᠣᠨ ᠤ ᠤᠯᠤᠰ ᠤᠨ ᠰᠢᠯᠭᠠᠯᠲᠠ ᠶᠢᠨ ᠲᠣᠰ ᠰᠢᠨᠵᠢᠯᠡᠭᠡᠨ ᠤ ᠰᠢᠯᠭᠠᠯᠲᠠ ᠥᠨᠳᠥᠷᠯᠡᠪᠡ᠃ | ᠰᠤᠷᠤᠭᠴᠢᠳ ᠪᠠᠶᠠᠷ ᠪᠠᠶᠠᠰᠬᠤᠯᠠᠩ ᠲᠠᠢ ᠪᠠᠷ ᠢᠨᠢᠶᠡᠮᠰᠦᠭᠯᠡᠨ ᠰᠢᠯᠭᠠᠯᠲᠠ ᠶᠢᠨ ᠲᠠᠯᠠᠪᠠᠶ ᠠᠴᠠ ᠭᠠᠷᠴᠤ ᠢᠷᠡᠪᠡ᠃ | ᠬᠡᠯᠡ ᠪᠢᠴᠢᠭ ᠤᠨ ᠰᠢᠯᠭᠠᠯᠲᠠ ᠪᠠᠷ ᠳᠠᠮᠵᠢᠭᠠᠳ ᠰᠢᠯᠭᠠᠭᠤᠯᠤᠭᠴᠢᠳ ᠪᠠᠴᠢᠮᠳᠠᠵᠤ ᠰᠠᠨᠳᠤᠷᠬᠤ ᠪᠠᠨ ᠪᠣᠯᠢᠵᠤ᠂ | ᠲᠠᠷᠠᠭᠠᠴᠢ ᠶᠢᠨ ᠰᠢᠯᠭᠠᠯᠲᠠ ᠳᠤ ᠨᠠᠩ ᠢᠲᠡᠭᠡᠯ ᠲᠠᠢ ᠪᠣᠯᠤᠭᠰᠠᠨ ᠪᠠᠶᠢᠨ᠎ᠠ᠃ ︽ᠨᠢᠭᠡᠳᠦᠭᠡᠷ ᠲᠦᠷᠦᠯ ᠤᠨ ᠬᠡᠯᠡ | ᠪᠢᠴᠢᠭ ᠢ ᠨᠡᠯᠢᠶᠡᠳ ᠵᠦᠭᠡᠷ ᠰᠢᠯᠭᠠᠵᠠᠢ᠂ ᠭᠠᠷᠣᠭᠰᠠᠨ ᠰᠡᠳᠦᠪ ᠨᠢ ᠡᠩ ᠤᠨ ᠴᠠᠭ ᠤᠨ ᠪᠣᠯᠪᠠᠰᠤᠷᠠᠯ ᠠᠴᠠ ᠠᠮᠠᠷᠬᠠᠨ | ᠂ ᠪᠢ ᠳᠠᠷᠠᠭᠠᠴᠢ ᠶᠢᠨ ᠰᠢᠯᠭᠠᠯᠲᠠ ᠳᠤ ᠢᠲᠡᠭᠡᠯ ᠲᠡᠭᠦᠯᠳᠡᠷ ᠪᠠᠶᠢᠨ᠎ᠠ᠂ ᠳᠠᠷᠠᠭᠠᠴᠢ ᠶᠢᠨ ᠰᠢᠯᠭᠠᠯᠲᠠ ᠪᠠᠨ ᠪᠦᠷ | ᠡᠩ ᠤᠨ ᠰᠢᠯᠭᠠᠯᠲᠠ ᠠᠴᠠ ᠬᠡᠲᠦᠷᠡᠲᠡᠯ᠎ᠡ ᠪᠠᠳᠠᠷᠠᠭᠤᠯᠬᠤ ᠶᠢ ᠬᠦᠰᠡᠵᠦ ᠪᠠᠶᠢᠨ᠎ᠠ︾ ᠭᠡᠵᠦ ᠰᠢᠯᠭᠠᠭᠤᠯᠤᠭᠴᠢ ᠵᠢᠶᠠᠩ | ᠯᠢ ᠸᠧᠢ ᠬᠡᠯᠡᠪᠡ᠃ | ᠡᠨᠡ ᠵᠢᠯ᠂ ᠪᠥᠬᠦ ᠬᠤᠰᠢᠭᠤᠨ ᠳᠤ 2 ᠰᠢᠯᠭᠠᠯᠲᠠ ᠶᠢᠨ ᠴᠡᠭ᠂ 64 ᠰᠢᠯᠭᠠᠯᠲᠠ ᠶᠢᠨ ᠲᠠᠯᠠᠪᠠᠶ ᠭᠠᠷᠭᠠᠵᠤ᠂ | ᠡᠭᠦᠨ ᠳᠤ ᠪᠡᠯᠡᠳᠬᠡᠯ ᠰᠢᠯᠭᠠᠯᠲᠠ ᠶᠢᠨ ᠲᠠᠯᠠᠪᠠᠶ 4 ᠪᠣᠶ᠃ ᠢᠷᠡᠬᠦ ᠬᠤᠶᠠᠷ ᠡᠳᠦᠷ ᠲᠤ᠂ 12 ᠵᠢᠯ ᠬᠠᠲᠠᠭᠤᠵᠢᠯᠲᠠᠢ | ᠰᠤᠷᠤᠯᠴᠠᠭᠰᠠᠨ ᠰᠢᠯᠭᠠᠭᠤᠯᠤᠭᠴᠢᠳ ᠪᠢᠷ ᠲᠠᠯᠪᠢᠨ ᠵᠠᠯᠠᠭᠤ ᠨᠠᠰᠤ ᠪᠠ ᠬᠦᠰᠡᠯ ᠵᠡᠭᠦᠳᠦ ᠳᠠᠬᠢ ᠬᠠᠮᠤᠭ ᠤᠨ ᠭᠤᠶᠣ | ᠰᠠᠶᠢᠬᠠᠨ ᠬᠠᠭᠤᠳᠠᠰᠤ ᠶᠢ ᠪᠢᠴᠢᠭᠯᠡᠬᠦ ᠪᠣᠯᠣᠨ᠎ᠠ᠃ | | | |