| 6 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠠᠢ ᠬᠠᠮᠲᠤ ᠶᠢᠨ | ᠪᠣᠯᠵᠣᠨ ᠶᠠᠷᠢᠯᠴᠠᠬᠤ ᠬᠤᠷᠠᠯ ᠢ ᠡᠷᠭᠢᠯᠡᠨ ᠬᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ | ᠰᠤᠷᠭᠠᠮᠵᠢ ᠠᠪᠴᠤ᠂ ᠠᠵᠢᠯ ᠤᠨ ᠠᠯᠳᠠᠰᠢ ᠭᠠᠷᠬᠤ ᠶᠢ ᠰᠡᠷᠭᠡᠶᠢᠯᠡᠨ᠂ ᠠᠳᠡᠯ ᠣᠯᠠᠨ ᠭᠠᠷᠴᠤ ᠪᠠᠶᠢᠭ᠎ᠠ | ᠬᠠᠨᠳᠤᠰᠢ ᠶᠢ ᠡᠷᠡᠰ ᠬᠤᠷᠢᠭᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠪᠠᠲᠤ ᠬᠤᠷᠠᠯ ᠳᠤ ᠣᠷᠣᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠢᠴᠢ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ | ᠦᠪᠡᠷ ᠦᠪᠡᠷ ᠤᠨ ᠠᠵᠢᠯ ᠤᠨ ᠲᠤᠬᠠᠢ ᠪᠠᠶᠢᠴᠠᠭᠠᠯᠲᠠ ᠪᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ | ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ | ᠵᠣᠷᠢᠭ ᠢᠶᠠᠷ ᠠᠰᠠᠭᠤᠳᠠᠯ ᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ | ᠨᠠᠶᠢᠳᠠᠪᠤᠷᠢᠵᠢᠭᠤᠯᠬᠤ ᠡᠷᠡᠰ ᠰᠢᠭᠤᠷᠬᠠᠢ ᠣᠪᠣᠷ ᠢᠶᠠᠨ ᠢᠯᠡᠷᠬᠡᠶᠢᠯᠡᠪᠡ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ | ᠬᠦᠨᠳᠦ ᠪᠠᠶᠢᠵᠤ᠂ ᠶᠠᠮᠠᠷᠪᠠ ᠦᠶ᠎ᠡ ᠳᠤ ᠴᠦ ᠭᠡᠳ ᠥᠴᠥᠬᠡᠨ ᠴᠦ ᠬᠠᠰᠢ ᠶᠠᠰᠢ ᠪᠠᠶᠢᠵᠤ ᠪᠣᠯᠬᠤ ᠦᠭᠡᠢ︔ ᠠᠮᠤᠷ | ᠲᠦᠪᠰᠢᠨ ᠤ ᠡᠨᠡᠬᠦ ᠬᠥᠪᠴᠢ ᠶᠢ ᠶᠠᠮᠠᠷᠪᠠ ᠦᠶ᠎ᠡ ᠳᠤ ᠴᠦ ᠭᠡᠳ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡ | ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠤᠷᠢᠭ᠎ᠠ | ᠱᠤᠭᠤᠮ ᠤᠨ ᠰᠡᠳᠬᠢᠬᠦᠢ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠬᠤᠶᠠᠷ ᠶᠡᠭᠡ ᠶᠠᠪᠤᠳᠠᠯ ᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ | ᠠᠮᠢ ᠨᠠᠰᠤ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ | ᠬᠥᠭᠵᠢᠯᠲᠡ ᠶᠢ ᠪᠠᠷᠢᠮᠲᠠᠯᠠᠬᠤ ᠳᠤ ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ | ᠪᠣᠯᠭᠠᠵᠤ ᠪᠣᠯᠬᠤ ᠦᠭᠡᠢ ᠭᠡᠬᠦ ᠡᠨᠡ ᠬᠦ ᠤᠯᠠᠭᠠᠨ ᠱᠤᠭᠤᠮ ᠢ ᠪᠠᠲᠤ ᠰᠠᠬᠢᠵᠤ᠂ ᠨᠢᠭᠡ ᠲᠠᠯ᠎ᠠ ᠪᠠᠷ ᠬᠥᠭᠵᠢᠯᠲᠡ ᠶᠢ | ᠠᠬᠢᠭᠤᠯᠬᠤ᠂ ᠨᠢᠭᠡ ᠲᠠᠯ᠎ᠠ ᠪᠠᠷ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃ | | | ᠪᠦᠦ ᠸᠧᠨ ᠯᠠᠨ ᠱᠠᠭᠠᠷᠳᠠᠭᠰᠠᠨ ᠨᠢ᠂ ᠠᠰᠠᠭᠤᠳᠠᠯ ᠳᠤ ᠰᠢᠭᠤᠳ ᠬᠠᠨᠳᠤᠵᠤ᠂ ᠠᠳᠡᠯ ᠭᠠᠷᠬᠤ ᠶᠢᠨ ᠮᠠᠭᠤ | ᠨᠥᠯᠥᠭᠡ ᠳᠤ ᠡᠷᠬᠡᠪᠰᠢ ᠵᠥᠪ ᠢᠶᠠᠷ ᠬᠠᠨᠳᠤᠵᠤ᠂ ᠠᠳᠡᠯ ᠤᠨ ᠢᠯᠡᠷᠡᠭᠰᠡᠨ ᠠᠰᠠᠭᠤᠳᠠᠯ ᠢ ᠡᠷᠬᠡᠪᠰᠢ ᠴᠢᠬᠤᠯᠠᠴᠢᠯᠠᠵᠤ᠂ | ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠡᠷᠬᠡᠪᠰᠢ ᠴᠢᠩᠭ᠎ᠠ ᠪᠣᠳᠠᠲᠠᠢ ᠠᠳᠬᠤᠵᠤ᠂ ᠪᠣᠯᠭᠤᠮᠵᠢᠯᠠᠭᠰᠠᠨ ᠳᠡᠭᠡᠷ᠎ᠡ | ᠪᠣᠯᠭᠤᠮᠵᠢᠯᠠᠨ ᠠᠮᠤᠷ ᠲᠥᠪᠰᠢᠨ ᠢ ᠠᠳᠬᠤᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠭᠦᠨᠵᠡᠭᠡᠢ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ ᠰᠤᠳᠤᠯᠵᠤ᠂ ᠲᠤᠶᠢᠯᠪᠤᠷᠢᠲᠠᠢ | ᠰᠤᠳᠤᠯᠤᠨ ᠰᠢᠢᠳᠪᠦᠷᠢᠯᠡᠬᠦ ᠬᠡᠷᠡᠭᠲᠡᠢ᠃ ᠪᠠᠷᠢᠮᠵᠢᠶ᠎ᠠ ᠪᠠᠨ ᠥᠨᠳᠥᠷ ᠪᠣᠯᠭᠠᠵᠤ᠂ ᠣᠷᠣᠨ ᠨᠤᠲᠤᠭ ᠤᠨ ᠨᠠᠮ | ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ | ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠨᠠᠷᠢᠨ ᠠᠳᠬᠤᠵᠤ᠂ ᠪᠠᠭᠤᠷᠠᠢ ᠭᠤᠭᠴᠤᠭ᠎ᠠ ᠪᠣᠯᠣᠨ | ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠳᠠᠷᠤᠯᠲᠠᠲᠤ ᠴᠢᠩᠭ᠎ᠠ | ᠬᠠᠮᠢᠶᠠᠷᠤᠯᠲᠠ ᠶᠢᠨ ᠪᠠᠶᠢᠳᠠᠯ ᠢ ᠢᠮᠠᠭᠲᠠ ᠪᠠᠲᠤᠯᠠᠵᠤ᠂ ︽ᠬᠠᠷᠢᠭᠤᠴᠠᠯᠭ᠎ᠠ ᠶᠢ ᠪᠦᠬᠦᠨ ᠢ ᠪᠦᠷᠬᠦᠭᠦᠯᠦᠨ ᠬᠢᠨᠠᠨ | ᠬᠠᠮᠢᠶᠠᠷᠤᠯᠲᠠ ᠶᠢᠨ ᠲᠠᠯ᠎ᠠ ᠪᠠᠷ ᠪᠠᠯᠠᠢ ᠭᠠᠵᠠᠷ ᠪᠠᠶᠢᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠤᠷᠢᠭ᠎ᠠ | ᠱᠤᠭᠤᠮ ᠢ ᠰᠠᠬᠢᠵᠤ᠂ ᠦᠨᠳᠦᠰᠦᠨ ᠱᠠᠲᠤᠨ ᠤ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠢ ᠴᠢᠩᠭ᠎ᠠ | ᠠᠳᠬᠤᠨ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ | ᠦᠢᠯᠡᠳᠪᠦᠷᠢᠯᠡᠯ ᠤᠨ ᠢᠯᠠᠯᠲᠠ ᠣᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠥᠬᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠪᠡ᠃ | | | | | |