ᠸᠠᠩ ᠮᠢᠨ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠣᠯᠪᠠ
ᠨᠡᠶᠢᠲᠡᠯᠡᠭᠰᠡᠨ ᠴᠠᠭ᠄
2023/6/9
      6 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠸᠠᠩ ᠮᠢᠨ‌‍ᠪᠠᠶᠢᠴᠠᠭᠠᠬᠤ ᠳᠣᠭᠤᠶᠢᠯᠠᠩ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠶᠢ ᠪᠠᠶᠢᠴᠠᠭᠠᠨ ᠰᠤᠳᠤᠯᠤᠯᠲᠠ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠣᠯᠣᠨ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
a8700861ff544f509df08aa36e72647.jpg
    ᠸᠠᠩ ᠮᠢᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠯᠦᠪᠸᠢ ᠬᠤᠶᠠᠳᠤᠭᠠᠷ ᠪᠠᠭ᠎ᠠ ᠰᠤᠷᠭᠠᠭᠤᠯᠢ᠂ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠲᠤ ᠬᠦᠷᠴᠦ᠂ ᠰᠤᠷᠭᠠᠭᠤᠯᠢ ᠶᠢᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠬᠥᠮᠦᠵᠢᠯ ᠢ ᠥᠷᠨᠢᠭᠦᠯᠦᠭᠰᠡᠨ ᠪᠣᠳᠠᠲᠠᠢ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠰᠤᠷᠭᠠᠭᠤᠯᠢ ᠶᠢᠨ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠢᠴᠢ ᠣᠨᠴᠠᠯᠢᠭᠲᠤ ᠰᠤᠷᠭᠠᠭᠤᠯᠢ ᠡᠷᠬᠢᠯᠡᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃    ᠸᠠᠩ ᠮᠢᠨ ᠵᠠᠷᠤᠳ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠭᠰᠠᠨ ᠲᠤᠷᠰᠢᠯᠭ᠎ᠠ ᠠᠷᠭ᠎ᠠ ᠬᠢᠳᠡᠯ ᠪᠣᠯᠣᠨ ᠣᠯᠣᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠰᠤᠷᠭᠠᠭᠤᠯᠢ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠮᠥᠨ᠂ ᠵᠠᠷᠤᠳ ᠬᠤᠰᠢᠭᠤᠨ ᠤ ᠡᠯ᠎ᠡ ᠰᠤᠷᠭᠠᠭᠤᠯᠢ  ᠬᠢᠨ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠰᠤᠷᠤᠭᠴᠢᠳ ᠤᠨ ᠦᠰᠦᠨ ᠪᠤᠶᠢᠵᠢᠯᠲᠠ ᠶᠢᠨ ᠵᠢᠮ᠎ᠡ ᠶᠣᠰᠣ ᠶᠢ ᠵᠢᠷᠤᠮᠯᠠᠵᠤ᠂ ᠰᠡᠳᠬᠢᠯᠭᠡ ᠪᠠᠷ ᠬᠥᠮᠥᠨ ᠢ ᠤᠶᠠᠷᠠᠭᠤᠯᠵᠤ᠂ ᠰᠤᠶᠣᠯ ᠢᠶᠠᠷ ᠬᠥᠮᠥᠨ ᠢ ᠭᠡᠭᠡᠷᠡᠭᠦᠯᠬᠦ᠂ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠵᠢᠭᠠᠬᠤ ᠮᠠᠲ᠋ᠧᠷᠢᠶᠠᠯ᠂ ᠬᠢᠴᠢᠶᠡᠯ᠂ ᠪᠠᠭᠰᠢ ᠶᠢᠨ ᠡᠩᠨᠡᠭᠡ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠡᠯᠪᠡᠷᠢ ᠳᠦᠷᠰᠦ ᠲᠠᠢ ᠪᠥᠭᠡᠳ ᠪᠦᠲᠦᠮᠵᠢᠲᠡᠶ ᠣᠯᠠᠨ ᠡᠰᠢᠲᠦ ᠰᠤᠷᠭᠠᠨ ᠬᠥᠮᠦᠵᠢᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠡᠷᠡᠭᠲᠡᠢ᠃ ᠰᠤᠷᠤᠭᠴᠢᠳ ᠲᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠦᠲᠦᠮᠵᠢᠲᠡᠢ ᠪᠠᠷ ᠲᠦᠭᠡᠮᠡᠯᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠤᠨ ᠲᠡᠦᠬᠡ ᠶᠢ ᠤᠬᠠᠭᠤᠯᠵᠤ᠂ ᠰᠤᠷᠭᠠᠭᠤᠯᠢ ᠶᠢᠨ  ᠦᠨᠳᠦᠰᠦᠲᠡᠨ ᠤ ᠠᠵᠢᠯ ᠤᠨ ᠦᠢᠯᠡᠳᠦᠯᠭᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠦᠨᠡᠨᠬᠦ ᠴᠢᠩᠭ᠎ᠠ ᠠᠳᠬᠤᠵᠤ᠂ ᠰᠤᠷᠤᠭᠴᠢᠳ ᠤᠨ ᠰᠡᠳᠬᠢᠴᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠬᠦᠶᠢᠯᠡ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号