| 6 ᠰᠠᠷ᠎ᠠ ᠶᠢᠨ 8 ᠤ ᠡᠳᠦᠷ᠂ ᠵᠠᠷᠤᠳ ᠬᠤᠰᠢᠭᠤ 2023 ᠣᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠵᠥᠪᠯᠡᠯ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠢᠵᠦ᠂ 2022 ᠣᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠠᠵᠢᠯ ᠢᠶᠠᠨ ᠳ᠋ᠦᠩᠨᠡᠵᠦ᠂ 2023 ᠣᠨ ᠤ ᠠᠵᠢᠯ ᠢᠶᠠᠨ ᠲᠣᠬᠢᠷᠠᠭᠤᠯᠤᠨ | ᠪᠠᠶᠢᠷᠢᠯᠠᠭᠤᠯᠪᠠ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠳ᠋ᠢᠩ ᡁᠢ ᠭᠠᠩ ᠬᠤᠷᠠᠯ ᠳᠤ ᠣᠷᠣᠯᠴᠠᠵᠤ᠂ | ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠵᠥᠪᠯᠡᠯ ᠤᠨ ᠭᠡᠰᠢᠭᠦᠨ ᠨᠢᠭᠡᠴᠡ᠂ | ᠡᠯ᠎ᠡ ᠰᠤᠮᠤ ᠪᠠᠯᠭᠠᠰᠤ ᠲᠠᠯᠠᠪᠠᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠪᠣᠳᠠᠲᠠᠢ ᠲᠤᠬᠠᠶᠢᠯᠠᠭᠰᠠᠨ | ᠠᠵᠢᠯ ᠤᠨ ᠠᠵᠢᠯᠲᠠᠳ ᠬᠤᠷᠠᠯ ᠳᠤ ᠣᠷᠣᠯᠴᠠᠪᠠ᠃ | | | ᠳ᠋ᠢᠩ ᡁᠢ ᠭᠠᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠣᠯᠠᠨ ᠲᠦᠮᠡᠨ ᠤ | ᠠᠩᠬᠠᠷᠴᠤ ᠪᠠᠶᠢᠭ᠎ᠠ ︽ᠢᠳᠡᠭᠡᠨ ᠤᠮᠳᠠᠭᠠᠨ ᠤ ᠠᠵᠢᠯ︾ ᠢ ᠠᠷᠠᠳ ᠤᠨ ᠠᠮᠢᠳᠤᠷᠠᠯ ᠢ ᠠᠳᠬᠤᠬᠤ ᠴᠢᠬᠤᠯᠠ ᠤᠯᠤᠰ | ᠲᠥᠷᠥ ᠶᠢᠨ ᠡᠭᠦᠷᠭᠡ ᠪᠣᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠭᠦᠷᠭᠡᠯᠡᠨ ᠠᠵᠢᠯᠯᠠᠵᠤ᠂ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠢᠶᠠᠷ᠂ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠴᠢᠩᠭ᠎ᠠ ᠡᠵᠡᠮᠳᠡᠵᠦ ᠴᠢᠩᠭ᠎ᠠ ᠬᠠᠮᠢᠶᠠᠷᠬᠤ ᠶᠢ ᠴᠢᠩᠭ᠎ᠠ ᠠᠳᠬᠤᠵᠤ᠂ ︽ᠳᠥᠷᠪᠡᠨ | ᠬᠠᠮᠤᠭ ᠤᠨ ᠴᠢᠩᠭ᠎ᠠ︾ ᠪᠠᠶᠢᠬᠤ ᠴᠢᠬᠤᠯᠠ ᠱᠠᠭᠠᠷᠳᠠᠯᠭ᠎ᠠ ᠶᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠪᠥᠬᠦ ᠬᠡᠯᠬᠢᠶ᠎ᠡ ᠳᠤ ᠲᠤᠤᠱᠯᠠᠭᠤᠯᠵᠤ᠂ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ | ᠭᠡᠪᠡ᠃ | ᠳ᠋ᠢᠩ ᡁᠢ ᠭᠠᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠬᠢᠨ ᠢᠳᠡᠭᠡᠨ ᠤ ᠠᠮᠤᠷ | ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠶ ᠪᠣᠯᠭᠠᠵᠤ᠂ ᠢᠳᠡᠪᠬᠢᠲᠡᠢ ᠰᠠᠨᠠᠭᠠᠴᠢᠯᠠᠭ᠎ᠠ | ᠠᠴᠠ ᠪᠠᠨ ᠠᠵᠢᠯᠯᠠᠵᠤ᠂ ᠦᠨᠳᠦᠰᠦᠨ ᠱᠠᠲᠤᠨ ᠤ ᠠᠵᠢᠯ ᠤᠨ ᠠᠬᠢᠴᠠ ᠶᠢ ᠣᠨᠣᠪᠴᠢᠲᠠᠶ ᠡᠵᠡᠮᠰᠢᠨ᠂ ᠢᠳᠡᠭᠡᠨ ᠤ | ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠬᠢᠨ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠳᠬᠠᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠶᠢ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠪᠥᠬᠦ | ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ | ᠪᠠ ᠵᠠᠰᠠᠯᠲᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠬᠦᠯᠬᠦ ᠬᠡᠷᠡᠭᠲᠡᠢ᠃ ︽ᠬᠤᠶᠠᠷ | ᠬᠠᠷᠢᠭᠤᠴᠠᠯᠭ᠎ᠠ︾ ᠶᠢ ᠣᠨᠣᠴᠠᠲᠠᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠬᠦ᠂ ᠨᠡᠩ ᠪᠣᠳᠠᠲᠠᠢ | ᠠᠵᠢᠯᠯᠠᠬᠤ᠂ ᠨᠡᠩ ᠴᠢᠩᠭ᠎ᠠ ᠰᠤᠷᠲᠠᠯ ᠢᠶᠠᠷ ᠬᠤᠶᠠᠷ ᠬᠠᠷᠢᠭᠤᠴᠠᠯᠭ᠎ᠠ ᠶᠢᠨ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠢᠨᠠᠯᠲᠠ | ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠮᠡᠷᠭᠡᠵᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠮᠡᠳᠡᠭᠡ ᠵᠠᠩᠭᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠪᠠᠶᠢᠳᠠᠯ ᠢ ᠤᠯᠠᠮ ᠨᠢᠭᠡ ᠠᠯᠬᠤᠮ | ᠵᠠᠳᠠᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠰᠠᠭᠤᠷᠢ ᠶᠢ ᠪᠠᠬᠢᠵᠢᠭᠦᠯᠵᠦ᠂ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠦᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ | ᠪᠠᠲᠤ ᠪᠠᠶᠢᠭᠤᠯᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ | ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠪᠥᠬᠦ ᠬᠤᠲᠠ ᠶᠢᠨ 2022 ᠣᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠵᠢᠯ ᠢ ᠬᠢᠨᠠᠨ ᠰᠢᠯᠭᠠᠵᠤ ᠦᠨᠡᠯᠡᠭᠰᠡᠨ ᠪᠠᠶᠢᠳᠠᠯ ᠪᠠ ᠪᠥᠬᠦ ᠬᠤᠰᠢᠭᠤᠨ ᠤ ᠢᠳᠡᠭᠡᠨ ᠪᠠ ᠡᠮ ᠤᠨ | ᠵᠦᠢᠯ ᠤᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠪᠡ︔ ᠬᠤᠯᠪᠣᠭᠳᠠᠯ | ᠪᠦᠬᠦᠢ ᠨᠢᠭᠡᠴᠡ ᠶᠢᠨ ᠬᠢᠨ 2022 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ | ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ |