ᠪᠥᠬᠦ ᠬᠤᠰᠢᠭᠤᠨ ᠤ ᠠᠯᠠᠰᠢᠨ ᠦᠬᠡᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/6/9
     ᠣᠶᠢᠷ᠎ᠠ ᠳᠤ᠂ 2023 ᠣᠨ ᠳᠤ ᠵᠠᠷᠤᠳ ᠬᠤᠰᠢᠭᠤᠨ ᠤ ᠠᠯᠠᠰᠢᠨ ᠦᠬᠡᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ᠃ ᠪᠥᠬᠦ ᠬᠤᠰᠢᠭᠤᠨ ᠤ 28 ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ᠂ ᠵᠢᠱᠢᠶ᠎ᠡ ᠦᠵᠡᠭᠦᠯᠬᠦ ᠲᠣᠰᠬᠤᠨ ᠤ ᠡᠭᠦᠯᠳᠡᠷ ᠰᠠᠶᠢᠵᠢᠷᠠᠭᠤᠯᠤᠭᠴᠢ᠂ ᠲᠡᠵᠢᠭᠡᠪᠤᠷᠢ ᠶᠢᠨ ᠲᠣᠮᠣ ᠡᠷᠦᠬᠡ ᠪᠣᠯᠪᠠᠰᠤᠷᠠᠯ ᠳᠤ ᠤᠷᠤᠯᠴᠠᠪᠠ᠃     
微信图片_20230609105944.jpg
     ᠪᠣᠯᠪᠠᠰᠤᠷᠠᠭᠤᠯᠤᠯ ᠨᠢ ︽ᠦᠬᠡᠷ ᠬᠤᠨᠢᠨ ᠤ ᠠᠵᠤ ᠦᠢᠯᠡᠰ ᠢ ᠪᠠᠷᠢᠮᠵᠢᠶᠠᠵᠢᠭᠤᠯᠤᠨ ᠬᠥᠭᠵᠢᠭᠦᠯᠬᠦ ᠵᠠᠩᠭᠢᠯᠠᠭ᠎ᠠ ᠶᠢᠨ ᠬᠦᠴᠦᠨ ᠵᠦᠢᠯ︾ ᠢᠶᠠᠷ ᠭᠤᠣᠯ ᠰᠡᠳᠦᠪ ᠪᠣᠯᠭᠠᠵᠤ᠂ ᠲᠡᠵᠢᠭᠡᠨ ᠦᠷᠡᠵᠢᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠡᠭᠦᠯᠳᠡᠷ ᠰᠠᠶᠢᠵᠢᠷᠠᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠲᠡᠵᠢᠭᠡᠨ ᠠᠷᠠᠴᠢᠯᠠᠬᠤ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠤᠮᠵᠢ ᠬᠢᠪᠡ᠎ᠡ᠃ ᠪᠤᠯᠪᠠᠰᠤᠷᠠᠯ ᠳᠤ ᠤᠷᠤᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠮᠠᠳᠠᠭ ᠲᠠᠢ ᠵᠤᠶᠢᠯ ᠢᠶᠠᠨ ᠠᠰᠠᠭᠤᠵᠤ᠂ ᠢᠳᠡᠪᠬᠢᠲᠡᠢ ᠪᠠᠷ ᠬᠤᠪᠢᠶᠠᠯᠴᠠᠵᠤ᠂ ᠥᠪᠡᠷ ᠤᠨ ᠠᠩᠬᠠᠷᠴᠤ ᠪᠠᠶᠢᠭ᠎ᠠ ᠬᠦᠷᠢᠶᠡᠨ ᠳᠡᠭᠡᠨ ᠴᠥᠮ ᠬᠠᠨᠤᠮᠵᠢᠲᠠᠢ ᠣᠯᠣᠯᠲᠠ  ᠤᠯᠪᠠ᠃     
微信图片_20230609105940.jpg
     ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠨᠢᠭᠡᠳᠤᠭᠡᠷ ᠬᠤᠪᠢᠶᠠᠷᠢ ᠲᠠᠯᠠᠪᠠᠶ ᠠᠴᠠ ᠢᠷᠡᠭᠰᠡᠨ  ᠡᠭᠦᠯᠳᠡᠷ ᠰᠠᠶᠢᠵᠢᠷᠠᠭᠤᠯᠤᠭᠴᠢ ᠲᠢᠶᠠᠨ ᠹᠧᠩ ᠶᠸᠤ᠄ ︽ᠡᠨᠡ ᠤᠳᠠᠭᠠᠨ ᠤ ᠪᠣᠯᠪᠠᠰᠤᠷᠠᠭᠤᠯᠤᠯᠲᠠ ᠳᠤ ᠪᠢ ᠮᠠᠰᠢ ᠶᠡᠭᠡ ᠠᠰᠢᠭ ᠲᠤᠰᠠ ᠬᠦᠷᠳᠡᠪᠡ᠂ ᠪᠣᠯᠪᠠᠰᠤᠷᠠᠭᠤᠯᠤᠯᠲᠠ ᠶᠢᠨ ᠠᠭᠤᠯᠭ᠎ᠠ ᠮᠠᠰᠢ ᠬᠡᠷᠡᠭᠴᠡᠭᠡ ᠲᠠᠢ᠂ ᠮᠠᠨ ᠤ ᠪᠣᠳᠠᠲᠠᠢ ᠬᠡᠷᠡᠭᠯᠡᠯᠲᠡ ᠳᠤ ᠮᠠᠰᠢ ᠶᠡᠭᠡ ᠬᠠᠪᠰᠤᠷᠤᠮᠵᠢ ᠪᠣᠯᠣᠨ᠎ᠠ᠂ ᠬᠠᠷᠢᠭᠰᠠᠨ ᠤ ᠳᠠᠷᠠᠭ᠎ᠠ ᠪᠢ ᠲᠤᠰᠬᠠᠢ ᠮᠡᠷᠭᠡᠵᠢᠯᠲᠡᠨ ᠤ ᠶᠠᠷᠢᠶ᠎ᠠ ᠢᠯᠡᠳᠬᠡᠯ ᠲᠠᠢ ᠤᠶᠠᠯᠳᠤᠭᠤᠯᠤᠨ᠂ ᠮᠠᠨ ᠤ ᠲᠤᠬᠠᠢ ᠭᠠᠵᠠᠷ ᠤᠨ ᠪᠠᠶᠢᠳᠠᠯ ᠢᠶᠠᠨ ᠦᠨᠳᠦᠰᠦᠯᠡᠨ ᠦᠷ᠎ᠡ ᠰᠣᠩᠭᠤᠨ ᠲᠣᠬᠢᠷᠠᠭᠤᠯᠵᠤ᠂  ᠲᠡᠵᠢᠭᠡᠪᠤᠷᠢ ᠶᠢᠨ ᠡᠷᠦᠬᠡ ᠳᠤ ᠨᠡᠩ ᠶᠡᠭᠡ ᠠᠰᠢᠭ ᠬᠦᠷᠲᠡᠭᠡᠨ᠎ᠡ︾ ᠭᠡᠪᠡ᠃    
微信图片_20230609105936.jpg
     ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠪᠣᠯᠪᠠᠰᠤᠷᠠᠯ ᠤᠨ ᠠᠩᠭᠢ 3 ᠡᠳᠦᠷ ᠶᠠᠪᠤᠭᠳᠠᠵᠤ᠂ ᠲᠤᠰᠬᠠᠢ ᠰᠡᠳᠦᠪᠲᠦ ᠲᠠᠶᠢᠯᠤᠮᠵᠢ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ᠂ ᠨᠡᠶᠢᠲᠡᠯᠢᠭ ᠦᠵᠡᠭᠦᠯᠦᠯᠭᠡ ᠶᠢ ᠤᠶᠠᠯᠳᠤᠭᠤᠯᠬᠤ ᠠᠷᠭ᠎ᠠ ᠶᠢ ᠠᠪᠴᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠬᠢᠵᠢᠭ ᠢ ᠰᠡᠷᠭᠡᠶᠢᠯᠡᠬᠦ᠂ ᠡᠭᠦᠯᠳᠡᠷ ᠰᠠᠶᠢᠵᠢᠷᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠶᠢᠨ ᠣᠨᠣᠯ ᠤᠨ ᠲᠠᠶᠢᠯᠤᠮᠵᠢ ᠪᠠ ᠵᠥᠪ ᠪᠤᠷᠤᠭᠤ ᠲᠠᠯ᠎ᠠ ᠶᠢᠨ ᠬᠡᠷᠡᠭ ᠤᠨ ᠵᠢᠱᠢᠶ᠎ᠡ ᠶᠢ ᠬᠤᠪᠢᠶᠠᠯᠴᠪᠠ᠃ ᠲᠣᠰ ᠤᠳᠠᠭᠠᠨ ᠤ ᠪᠣᠯᠪᠠᠰᠤᠷᠠᠭᠤᠯᠤᠯ ᠢ ᠥᠷᠨᠢᠭᠦᠯᠬᠦ ᠪᠠᠷ  ᠲᠠᠮᠵᠢᠭᠤᠯᠤᠨ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠪᠠ ᠲᠡᠵᠢᠭᠡᠨ ᠦᠷᠡᠵᠢᠭᠦᠯᠬᠦ ᠣᠨᠣᠯ ᠤᠨ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠵᠦ᠂ ᠪᠣᠳᠠᠲᠠᠢ ᠠᠵᠢᠯᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ  ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号