ᠦ᠋ ᠴᠢᠩ ᠬᠠᠢ ᠪᠦᠯᠬᠦᠮ ᠳᠠᠭᠠᠭᠤᠯᠤᠨ ᠴᠢᠩᠳᠣᠣ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠦ ᠰᠤᠷᠤᠯᠴᠠᠪᠠ
ᠨᠡᠶᠢᠲᠡᠯᠡᠭᠰᠡᠨ ᠴᠠᠭ᠄
2023/6/9
    6 ᠰᠠᠷ᠎ᠠ ᠶᠢᠨ 7 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠦ᠋ ᠴᠢᠩ ᠬᠠᠢ  ᠪᠦᠯᠤᠭ᠌ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠬᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠱᠠᠨᠳᠦ᠋ᠩ ᠮᠤᠵᠢ ᠶᠢᠨ ᠴᠢᠩᠳᠣᠣ ᠬᠤᠲᠠ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠢᠨᠵᠢᠯᠡᠨ ᠪᠠᠶᠢᠴᠠᠭᠠᠵᠤ ᠰᠤᠷᠤᠯᠴᠠᠪᠠ᠃    
微信图片_20230609105908.jpg
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩᠳᠣᠣ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠳᠠ ᠶᠢᠨ ᠡᠮᠦᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠳᠠ ᠶᠢᠨ ᠡᠮᠦᠨ᠎ᠡ ᠲᠣᠭᠤᠷᠢᠭ ᠤᠨ ᠵᠠᠨᠱᠠᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠬᠠᠷᠢᠯᠴᠠᠬᠤ ᠦᠷᠳᠡᠭᠡ᠂ ᠬᠤᠳᠠ ᠶᠢᠨ ᠬᠤᠶᠢᠲᠤ ᠲᠣᠭᠤᠷᠢᠭ ᠤᠨ ᠯᠦᠸᠧᠶᠠᠩ ᠵᠠᠮ ᠤᠨ ᠵᠡᠭᠡᠯᠢ ᠭᠤᠳᠤᠮᠵᠢ ᠶᠢᠨ ᠬᠠᠶᠢᠴᠢᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠬᠤᠳᠠ ᠶᠢᠨ ᠬᠤᠶᠢᠲᠤ ᠲᠣᠭᠤᠷᠢᠭ ᠤᠨ ᠯᠦᠸᠧᠶᠠᠩ ᠵᠠᠮ ᠤᠨ ᠵᠡᠭᠡᠯᠢ ᠭᠤᠳᠤᠮᠵᠢ ᠶᠢᠨ ᠬᠠᠶᠢᠴᠢᠨ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠬᠠᠷᠢᠯᠴᠠᠬᠤ ᠦᠷᠳᠡᠭᠡ ᠵᠡᠷᠭᠡ ᠭᠠᠵᠠᠷ ᠲᠤ ᠬᠦᠷᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠡᠶᠡᠴᠢ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠴᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠷᠠᠯ ᠲᠡᠭᠦᠰᠦᠭᠰᠡᠨ ᠬᠤᠭᠤᠴᠠᠭᠠᠨ ᠳᠤ ᠭᠤᠣᠯ ᠠᠵᠢᠯ ᠪᠠ ᠭᠤᠣᠯᠳᠠᠯᠭ᠎ᠠ ᠲᠠᠢ ᠠᠵᠢᠯ ᠳᠤ ᠣᠷᠣᠯᠴᠠᠬᠤ᠂ ᠡᠬᠢ ᠪᠠᠶᠠᠯᠢᠭ ᠤᠨ ᠳᠠᠪᠠᠭᠤᠯᠢᠭ ᠪᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ  ᠠᠵᠢᠯ ᠳᠤ ᠬᠦᠴᠦ ᠨᠡᠮᠡᠷᠢᠯᠡᠬᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠠᠬᠢᠭᠤᠯᠬᠤ ᠵᠡᠷᠭᠡ ᠲᠠᠯ᠎ᠠ ᠪᠠᠷ ᠤᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠤᠷᠤᠯᠴᠠᠪᠠ᠃      
微信图片_20230609105917.jpg
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠰᠠᠨᠠᠯ ᠨᠢᠭᠡᠲᠡᠢ ᠦᠵᠡᠭᠰᠡᠨ ᠨᠢ᠂ ᠲᠣᠰ ᠤᠳᠠᠭᠠᠨ ᠤ ᠭᠠᠳᠠᠭᠰᠢ ᠭᠠᠷᠴᠤ ᠰᠤᠷᠤᠯᠴᠠᠬᠤ ᠪᠠᠷ ᠳᠡᠮᠵᠢᠨ᠂ ᠬᠠᠷᠠᠭ᠎ᠠ ᠪᠠᠨ  ᠨᠡᠭᠡᠭᠡᠵᠦ᠂ ᠰᠡᠳᠬᠢᠴᠡ ᠪᠠᠨ ᠥᠷᠭᠡᠳᠬᠡᠭᠰᠡᠨ ᠢᠶᠠᠷ ᠪᠠᠷᠠᠬᠤ ᠦᠭᠡᠢ᠂ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠷᠢᠯᠴᠠᠬᠤ ᠲᠠᠪᠴᠠᠩ ᠤᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠵᠢᠱᠢᠶ᠎ᠡ ᠦᠵᠡᠭᠦᠯᠬᠦ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠠᠷᠭ᠎ᠠ ᠬᠢᠳᠡᠯ ᠢ ᠬᠢᠨᠠᠮᠠᠭᠠᠢ ᠰᠤᠷᠤᠯᠴᠠᠨ ᠲᠣᠯᠢᠯᠠᠵᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠬᠦ ᠪᠠᠷ ᠴᠢᠷᠮᠠᠶᠢᠵᠤ᠂ ᠡᠯ᠎ᠡ ᠭᠠᠵᠠᠷ ᠤᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠰᠡᠳᠬᠢᠯᠭᠡ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠵᠦ᠂ ᠪᠦᠭᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠯᠠᠪᠳᠠᠭᠤᠨ ᠢᠶᠠᠷ ᠠᠬᠢᠭᠤᠯᠤᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号