5 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠨᠱᠠᠨ | ᠲᠣᠮᠢᠯᠠᠭᠰᠠᠨ ᠰᠠᠯᠪᠤᠷᠢ ᠶᠢᠨ ︽ᠠᠨᠠᠷ ᠤᠨ ᠦᠷ᠎ᠡ︾ ᠴᠠᠭᠳᠠᠭᠠᠨ ᠤ ᠶᠠᠪᠤᠳᠠᠯ ᠤᠨ ᠲᠠᠰᠤᠭ ᠤᠨ ᠫᠠᠶᠢᠰᠠ ᠡᠯᠬᠦᠬᠦ | ᠶᠣᠰᠣᠯᠠᠯ ᠶᠠᠪᠤᠭᠤᠯᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | 5 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠬᠤᠶᠠᠳᠤᠭᠠᠷ ᠤᠯᠠᠷᠢᠯ ᠤᠨ ᠠᠵᠤ | ᠠᠬᠤᠢ ᠶᠢᠨ ᠠᠵᠢᠯᠯᠠᠭᠠᠨ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢᠦ ᠶᠣᠣ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠯᠧᠢ ᠯᠧᠢ | ᠬᠤᠷᠠᠯ ᠳᠤ ᠤᠷᠤᠯᠴᠠᠪᠠ᠃ | 5 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ︽ᠬᠤᠶᠠᠷ ᠢ ᠲᠠᠰᠢᠷᠠᠮ ᠢᠶᠠᠷ ᠰᠤᠩᠭᠤᠬᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠵᠢᠴᠢ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ | ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠳ᠋ᠢᠩ ᡁᠢ ᠭᠠᠩ ᠬᠤᠷᠠᠯ ᠳᠤ ᠤᠷᠤᠯᠴᠠᠪᠠ᠃ | 5 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠦᠯᠬᠦᠮ ᠳᠠᠭᠠᠭᠤᠯᠤᠨ ᠯᠦᠪᠸᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠣᠭᠤᠷᠢᠭ ᠤᠨ ᠥᠪᠥᠷ | ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠵᠦ ᠰᠠᠭᠤᠳᠠᠯ ᠤᠨ ᠬᠤᠷᠠᠯ ᠬᠢᠪᠡ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠰᠢᠭᠤᠨ ᠵᠠᠰᠠᠭ ᠤᠨ ᠣᠷᠳᠣᠨ ᠤ ᠳᠠᠷᠤᠭ᠎ᠠ ᠪᠦᠦ ᠸᠧᠨ ᠯᠠᠨ᠂ ᠬᠤᠰᠢᠭᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠲᠤ᠂ ᠬᠤᠰᠢᠭᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠶᠣᠣ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ | 5 ᠰᠠᠷ᠎ᠠ ᠶᠢᠨ 8 ᠤ ᠡᠳᠦᠷ᠂ ᠵᠠᠷᠤᠳ ᠬᠤᠰᠢᠭᠤ ᠪᠤᠯᠤᠨ ᠭᠦᠸᠧ ᠬᠠᠢ ᠴᠤᠸᠠᠩ ᠯᠢᠶᠠᠨ ᠪᠤᠳᠠᠳᠤ ᠠᠵᠤ | ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠵᠥᠪᠳᠡᠯᠴᠡᠭᠡᠷ ᠤᠨ ᠬᠤᠷᠠᠯ ᠬᠢᠪᠡ᠃ | ᠬᠤᠰᠢᠭᠤᠨ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠯᠢ ᠶᠦᠩ ᠬᠠᠢ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠢᠩ ᡁᠢ ᠭᠠᠩ ᠬᠤᠷᠠᠯ ᠳᠤ | ᠤᠷᠤᠯᠴᠠᠪᠠ᠃ | 5 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠲᠦᠩᠯᠢᠶᠣᠣ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠭᠤᠸ ᡁᠢ ᠹᠧᠩ ᠠᠵᠢᠯᠯᠠᠬᠤ ᠳᠤᠭᠤᠶᠢᠯᠠᠩ ᠳᠠᠭᠠᠭᠤᠯᠤᠨ ᠵᠠᠷᠤᠳ | ᠬᠤᠰᠢᠭᠤᠨ ᠳᠤ ᠢᠷᠡᠵᠦ ᠬᠤᠳᠠᠯᠳᠤᠭᠠᠴᠢᠨ ᠤᠷᠢᠵᠤ ᠪᠡᠯᠡ ᠲᠠᠳᠠᠬᠤ ᠪᠠ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠳᠠᠷᠤᠭ᠎ᠠ ᠼᠤᠤ ᠢᠦᠢ ᠯᠦᠩ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | 5 ᠰᠠᠷ᠎ᠠ ᠶᠢᠨ 11 ᠤ ᠡᠳᠦᠷ᠂ ᠵᠠᠷᠤᠳ ᠬᠤᠰᠢᠭᠤ ︽ᠶᠡᠬᠡᠪᠡᠷ ᠳᠣᠷᠣᠭᠰᠢ ᠪᠠᠭᠤᠵᠤ ᠰᠤᠷᠪᠤᠯᠵᠢᠯᠠᠬᠤ ᠶᠡᠬᠡᠪᠡᠷ | ᠰᠢᠪᠠᠳᠠᠨ ᠪᠠᠶᠢᠴᠠᠭᠠᠬᠤ ᠶᠡᠬᠡᠪᠡᠷ ᠨᠠᠮᠳᠠᠭᠤᠯᠬᠤ︾ ᠵᠠᠬᠢᠳᠠᠯ ᠰᠣᠷᠪᠤᠯᠵᠢᠯᠠᠭ᠎ᠠ ᠶᠢᠨ ᠲᠤᠰᠬᠠᠢ ᠠᠵᠢᠯᠯᠠᠭ᠎ᠠ ᠶᠢᠨ | ᠠᠭᠤᠯᠵᠠᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠦᠦ ᠸᠧᠨ ᠯᠠᠨ ᠬᠤᠷᠠᠯ ᠡᠷᠭᠢᠯᠠᠨ ᠶᠠᠷᠢᠶ᠎ᠠ ᠲᠠᠯᠪᠢᠪᠠ᠃ | 5 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ︽ᠠᠨᠠᠷ ᠤᠨ ᠦᠷ᠎ᠡ︾ ᠳᠤᠮᠳᠠᠳᠤ ᠶᠢᠨ ᠬᠠᠷᠢᠶᠠᠲᠤ | ᠨᠠᠷ ᠤᠨ ᠨᠣᠮ ᠤᠨ ᠰᠠᠩ ᠫᠠᠶᠢᠰᠠ ᠡᠯᠬᠦᠬᠦ ᠶᠣᠰᠣᠯᠠᠯ ᠶᠠᠪᠤᠭᠤᠯᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠳ᠋ᠢᠩ ᡁᠢ ᠭᠠᠩ ᠫᠠᠶᠢᠰᠠ ᠡᠯᠭᠦᠭᠦ ᠶᠣᠰᠣᠯᠠᠯ ᠳᠤ ᠣᠷᠣᠯᠴᠠᠪᠠ᠃ | 5 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠪᠦᠦ ᠸᠧᠨ ᠯᠠᠨ ᠤᠷᠢᠳ ᠬᠤᠵᠢᠳ ᠥᠪᠥᠷ ᠮᠣᠩᠭᠤᠯ ᠤᠨ | ᠪᠠᠩᠬᠢ ᠶᠢᠨ ᠲᠦᠩᠯᠢᠶᠣᠣ ᠶᠢᠨ ᠵᠠᠷᠤᠳ ᠲᠠᠬᠢ ᠰᠠᠯᠪᠤᠷᠢ ᠪᠠᠩᠬᠢ᠂ ᠮᠧᠩ ᠱᠠᠩ ᠪᠠᠩᠬᠢ ᠶᠢᠨ ᠲᠦᠩᠯᠢᠶᠣᠣ ᠶᠢᠨ | ᠵᠠᠷᠤᠳ ᠲᠠᠬᠢ ᠰᠠᠯᠪᠤᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠵᠠᠷᠤᠳ ᠬᠤᠰᠢᠭᠤᠨ ᠲᠠᠬᠢ | ᠰᠠᠯᠪᠤᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠵᠠᠷᠤᠳ | ᠬᠤᠰᠢᠭᠤᠨ ᠲᠠᠬᠢ ᠰᠠᠯᠪᠤᠷᠢ ᠪᠠᠩᠬᠢ ᠳᠤ ᠬᠦᠷᠴᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠲᠤ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | 5 ᠰᠠᠷ᠎ᠠ ᠶᠢᠨ 23 ᠤ ᠡᠳᠦᠷ᠂ ᠵᠠᠷᠤᠳ ᠬᠤᠰᠢᠭᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ | ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠳᠠᠷᠤᠭ᠎ᠠ ᠯᠢᠦ ᠶᠣᠣ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | 5 ᠰᠠᠷ᠎ᠠ ᠶᠢᠨ 24 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠵᠠᠷᠤᠳ ᠬᠤᠰᠢᠭᠤᠨ ᠤ ᠯᠦᠪᠸᠢ ᠠᠵᠤ | ᠦᠢᠯᠡᠳᠪᠦᠷᠢ ᠶᠢᠨ ᠲᠣᠭᠤᠷᠢᠭ ᠪᠠ ᠵᠠᠬᠠᠨᠠᠭᠤᠷ ᠠᠵᠤ ᠦᠢᠯᠡᠰ ᠤᠨ ᠲᠣᠭᠤᠷᠢᠭ ᠲᠤ ᠬᠦᠷᠴᠤ ᠪᠠᠶᠢᠴᠠᠭᠠᠨ | ᠰᠤᠳᠤᠯᠤᠯᠲᠠ ᠬᠢᠪᠡ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠵᠠᠰᠠᠭ ᠤᠨ ᠣᠷᠳᠣᠨ ᠤ | ᠳᠠᠷᠤᠭ᠎ᠠ ᠪᠦᠦ ᠸᠧᠨ ᠯᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | 5 ᠰᠠᠷ᠎ᠠ ᠶᠢᠨ 25 ᠤ ᠡᠳᠦᠷ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠺᠠᠳ᠋ᠷᠴᠤᠳ ᠤᠨ ᠴᠡᠭ ᠲᠤ ᠰᠠᠭᠤᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠳᠤᠮᠳᠠᠳᠤ ᠤᠯᠤᠰ ᠤᠨ ᠮᠧᠬᠠᠨᠢᠭ | ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠵᠠᠩ ᠵᠢᠶᠧ ᠪᠠᠶᠢᠴᠠᠭᠠᠨ | ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠵᠠᠰᠠᠭ ᠤᠨ ᠣᠷᠳᠣᠨ ᠤ ᠳᠠᠷᠤᠭ᠎ᠠ ᠪᠦᠦ ᠸᠧᠨ ᠯᠠᠨ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠵᠦ ᠰᠠᠭᠤᠳᠠᠯ ᠤᠨ ᠬᠤᠷᠠᠯ ᠳᠤ ᠤᠷᠤᠯᠴᠠᠪᠠ᠃ | 5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠵᠠᠷᠤᠳ | ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠣᠯᠪᠠᠰᠤᠷᠠᠭᠤᠯᠤᠯ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠾᠧᠩ ᠷᠦᠢ ᠰᠢᠨ᠎ᠡ ᠡᠨᠧᠷᠭᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ ᠬᠢᠴᠢᠶᠡᠯ ᠣᠷᠣᠭᠤᠯᠤᠨ | ᠪᠣᠯᠪᠠᠰᠤᠷᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ | ᠳᠠᠷᠤᠭ᠎ᠠ ᠪᠦᠦ ᠸᠧᠨ ᠯᠠᠨ ᠬᠤᠷᠠᠯ ᠳᠤ ᠣᠷᠣᠯᠴᠠᠪᠠ᠃ | 5 ᠰᠠᠷ᠎ᠠ ᠶᠢᠨ 31 ᠤ ᠡᠳᠦᠷ᠂ ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠱᠠᠲᠤᠴᠢ ᠴᠢᠨᠠᠷᠲᠠᠢ ᠠᠳᠠᠯᠢᠳᠬᠠᠨ ᠦᠨᠡᠯᠡᠬᠦ ᠶᠡᠭᠡ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶᠠᠨ ᠤ ᠲᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠠᠨ ᠶᠠᠷᠢᠶ᠎ᠠ ᠲᠠᠯᠪᠢᠪᠠ᠃ | 5 ᠰᠠᠷ᠎ᠠ ᠶᠢᠨ 31 ᠤ ᠡᠳᠦᠷ᠂ ᠵᠠᠷᠤᠳ ᠬᠤᠰᠢᠭᠤᠨ ᠤ ᠯᠦᠪᠸᠢ ᠬᠤᠶᠠᠳᠤᠭᠠᠷ ᠪᠠᠭ᠎ᠠ ᠰᠤᠷᠭᠠᠭᠤᠯᠢ ᠬᠢᠨ | 2023 ᠣᠨ ᠤ ᠰᠤᠷᠭᠠᠭᠤᠯᠢ ᠶᠢᠨ ᠬᠦᠷᠢᠶᠡᠨ ᠤ ᠤᠷᠠᠯᠢᠭ ᠲᠠᠮᠢᠷ ᠤᠨ ᠴᠤᠭᠯᠠᠭᠠᠨ ᠵᠢᠴᠢ ᠤᠯᠤᠰ ᠤᠨ ︽ᠬᠤᠶᠠᠷ ᠢ | ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢᠨ | ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠡᠷᠭᠢᠯᠡᠪᠡ᠃ ᠬᠤᠰᠢᠭᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠭᠦᠸᠧ ᠶᠠ ᠹᠧᠩ ᠠᠵᠢᠯᠯᠠᠭ᠎ᠠ ᠳᠤ ᠤᠷᠤᠯᠴᠠᠪᠠ᠃ |