ᠪᠠᠶᠠᠨᠲᠠᠯ᠎ᠠ ᠰᠤᠮᠤ ᠶᠢᠨ ᠬᠢᠨ ᠡᠯ᠎ᠡ ᠱᠠᠲᠤᠨ ᠤ ᠪᠣᠯᠪᠠᠰᠤᠨ ᠲᠣᠰᠬᠤᠨ ᠳᠤ ᠠᠷᠢᠭᠤᠨ ᠴᠢᠬᠡᠴᠢ ᠰᠣᠶᠣᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/10
      ᠣᠶᠢᠷ᠎ᠠ ᠳᠤ᠂ ᠪᠠᠶᠠᠨᠲᠠᠯ᠎ᠠ ᠰᠤᠮᠤ ᠶᠢᠨ ᠬᠢᠨ ᠡᠯ᠎ᠡ ᠱᠠᠲᠤᠨ ᠤ ᠪᠣᠯᠪᠠᠰᠤᠨ ᠲᠣᠰᠬᠤᠨ ᠳᠤ ᠠᠷᠢᠭᠤᠨ ᠴᠢᠬᠡᠴᠢ ᠰᠣᠶᠣᠯ ᠢ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠢᠯᠪᠠᠷ ᠣᠶᠢᠯᠠᠭᠠᠮᠵᠢᠲᠠᠢ ᠦᠭᠡ ᠬᠡᠯᠡ᠂ ᠠᠮᠢᠳᠤᠯᠢᠭ ᠲᠦᠷᠰᠦᠯᠢᠭ ᠬᠡᠷᠡᠭ ᠤᠨ ᠵᠢᠱᠢᠶ᠎ᠡ ᠶᠢ ᠬᠡᠷᠡᠭᠯᠡᠵᠦ᠂ ᠬᠠᠷᠢᠶᠠᠲᠤ ᠣᠷᠣᠨ ᠤ ᠨᠠᠮ ᠤᠨ ᠭᠡᠰᠢᠭᠦᠳ ᠲᠤ ᠪᠠᠨ ᠠᠷᠢᠭᠤᠨ ᠴᠢᠬᠡᠴᠢ ᠰᠣᠶᠣᠯ ᠢ ᠰᠤᠷᠤᠯᠴᠠᠬᠤ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠬᠦ ᠶᠢᠨ ᠬᠠᠮᠲᠤ ᠨᠠᠮ ᠤᠨ ᠭᠡᠰᠢᠭᠦᠨ ᠺᠠᠳ᠋ᠷᠴᠤᠳ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ︽ᠤᠯᠠᠭᠠᠨ ᠱᠤᠭᠤᠮ︾ ᠢ ᠬᠦᠨᠳᠡᠬᠦ ᠦᠭᠡᠢ᠂ ᠡᠷᠬᠡ ᠪᠠᠨ ᠬᠡᠷᠡᠭᠯᠡᠬᠦ ᠳᠡᠭᠡᠨ ︽ᠮᠢᠨ᠎ᠠ ᠶᠢᠨ ᠲᠠᠲᠠᠭᠠᠯ︾ ᠢ ᠬᠢᠰᠬᠢᠬᠦ ᠦᠭᠡᠢ ᠪᠠᠶᠢᠬᠤ ᠶᠢ ᠱᠠᠭᠠᠷᠳᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠳ ᠢ ᠤᠯᠠᠮ ᠨᠢᠭᠡ ᠠᠯᠬᠤᠮ ᠬᠠᠪᠰᠤᠷᠤᠨ ᠨᠠᠮ ᠤᠨ ᠰᠠᠬᠢᠯᠭ᠎ᠠ ᠬᠠᠤᠯᠢ ᠲᠣᠭᠲᠠᠭᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠣᠶᠢᠯᠠᠭᠠᠨ ᠡᠵᠡᠮᠰᠢᠭᠦᠯᠵᠦ᠂ ᠠᠷᠢᠭᠤᠨ ᠴᠢᠬᠡᠴᠢ ᠶᠢᠨ ᠬᠥᠮᠦᠵᠢᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ ᠭᠡᠪᠡ᠃     
微信图片_20230710101818.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号