ᠵᠠᠷᠤᠳ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 59 ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2023/7/10
    7 ᠰᠠᠷ᠎ᠠ ᠶᠢᠨ 7 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 59 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠵᠡᠷᠭᠡ  ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ ᠵᠡᠷᠭᠡ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃    ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠥᠭᠦᠯᠡᠯᠲᠡ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢ ᠶᠢᠨ ᠫᠢᠩ ᠶᠡᠷᠦᠩᠬᠡᠢ ᠱᠦᠵᠢ ᠶᠢᠨ ᠵᠥᠪ ᠣᠨᠣᠪᠴᠢᠲᠠᠶ ᠠᠯᠪᠠᠨ ᠠᠮᠵᠢᠯᠲᠠ ᠶᠢᠨ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠬᠦ ᠲᠤᠬᠠᠢ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠩᠬᠠᠷᠬᠤ ᠲᠤᠬᠠᠢ ᠴᠢᠬᠤᠯᠠ ᠶᠠᠷᠢᠶ᠎ᠠ᠂ ᠰᠢ ᠶᠢᠨ ᠫᠢᠩ ᠶᠡᠷᠦᠩᠬᠡᠢ ᠱᠦᠵᠢ ᠨᠠᠨᠵᠢᠩ ᠤᠨ ᠬᠢᠨᠠᠨ ᠪᠤᠳᠤᠬᠤ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨ ᠠᠩᠭᠢ ᠶᠢᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠥᠭᠭᠦᠭᠰᠡᠨ ᠬᠠᠷᠢᠭᠤ ᠵᠠᠬᠢᠳᠠᠯ ᠵᠢᠴᠢ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ︽ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ︾ ᠶᠢ ᠦᠰᠦᠭ ᠪᠢᠴᠢᠭ ᠤᠨ ᠬᠡᠯᠪᠡᠷᠢ ᠪᠠᠷ ᠰᠤᠷᠣᠯᠴᠠᠪᠠ︔ ᠪᠥᠬᠦ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ︔ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠣᠷᠢᠵᠢᠭᠤᠯᠵᠤ ᠭᠤᠣᠯ ᠰᠡᠳᠦᠪᠲᠦ ᠬᠥᠮᠦᠵᠢᠯ ᠤᠨ ᠳᠤᠮᠳᠠ ᠵᠥᠪ ᠠᠯᠪᠠᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠶᠢ ᠠᠬᠢᠭᠤᠯᠬᠤ ᠲᠤᠬᠠᠢ ᠮᠡᠳᠡᠭᠳᠡᠯ︾᠂ ︽ᠭᠤᠣᠯ ᠰᠡᠳᠦᠪᠲᠦ ᠬᠥᠮᠦᠵᠢᠯ ᠤᠨ ᠳᠤᠮᠳᠠ ᠵᠧᠵᠢᠶᠠᠩ ᠤᠨ ︿ᠮᠢᠩᠭᠠᠨ ᠲᠦᠮᠡᠨ ᠢᠨᠵᠧᠨᠧᠷᠢᠩ﹀ ᠤᠨ ᠲᠤᠷᠰᠢᠯᠭ᠎ᠠ ᠶᠢᠨ ᠵᠢᠱᠢᠶ᠎ᠡ ᠶᠢ ᠰᠤᠷᠤᠯᠴᠠᠨ ᠬᠡᠷᠡᠭᠯᠡᠬᠦ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ︽ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ︾ ᠶᠢ ᠤᠯᠠᠮᠵᠢᠯᠠᠵᠤ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ  ᠪᠠᠶᠢᠷᠢᠯᠠᠭᠤᠯᠪᠠ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠲᠤᠰᠢᠶᠠᠯᠲᠠᠨ ᠤ ᠵᠡᠷᠭᠡ ᠳᠡᠰ ᠢ ᠲᠣᠭᠲᠠᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠠᠩᠬ᠎ᠠ ᠤᠳᠠᠭ᠎ᠠ ᠰᠤᠳᠤᠯᠪᠠ᠃    ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ︽ᠲᠦᠷᠦᠭᠦᠴᠢ ᠭᠠᠯᠠᠭᠤ ᠶᠢᠨ ᠦᠢᠯᠡᠳᠦᠯ︾ ᠢ ᠰᠠᠶᠢᠲᠤᠷ ᠪᠠᠳᠠᠷᠠᠭᠤᠯᠵᠤ᠂ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ  ᠬᠢᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠬᠤᠰᠢᠭᠤᠨ ᠳᠤ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠢ ︔ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠬᠠᠷᠢᠴᠠᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ ᠣᠨᠣᠪᠴᠢᠲᠠᠶ ᠣᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠳᠠᠲᠠᠢ ᠰᠡᠳᠬᠢᠴᠡ ᠪᠠ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠢ ᠪᠣᠯᠭᠠᠵᠤ᠂ ᠬᠠᠷᠢᠭᠤᠴᠠᠯᠭ᠎ᠠ ᠪᠠᠨ ᠡᠭᠦᠷᠭᠡᠯᠡᠨ᠂ ᠣᠷᠢᠳᠠᠪᠠᠷ ᠨᠢᠭᠡ ᠠᠯᠬᠤᠮ ᠤᠷᠤᠭᠰᠢᠯᠠᠨ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠡᠷ ᠢ ᠰᠡᠷᠭᠡᠶᠢᠯᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠭᠠᠮᠰᠢᠭ ᠢ ᠰᠡᠷᠭᠡᠶᠢᠯᠡᠬᠦ ᠨᠢ ᠭᠠᠮᠰᠢᠭ ᠠᠴᠠ ᠠᠪᠤᠷᠠᠬᠤ ᠠᠴᠠ ᠴᠢᠬᠤᠯᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠵᠢᠵᠢᠭᠦᠷᠯᠡᠨ ᠰᠠᠬᠢᠬᠤ ᠶᠢ ᠦᠨᠡᠨᠬᠦ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ  ᠢᠶᠠᠷ  ᠢᠶᠠᠨ ᠪᠠᠲᠤᠯᠠᠬᠤ ᠬᠡᠷᠡᠭᠲᠡᠢ ᠭᠡᠪᠡ᠃    ᠱᠣᠣ ᠶᠠᠨ ᠵᠢᠶᠦ᠋ᠨ ᠱᠠᠭᠠᠷᠳᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠠᠷᠪᠠᠨ ᠬᠤᠶᠠᠷ ᠡᠷᠬᠡᠪᠰᠢ︾ ᠪᠠ ︽ᠭᠤᠷᠪᠠᠨ ᠨᠡᠩ ᠴᠢᠬᠤᠯᠠ︾ ᠭᠡᠬᠦ ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠤᠬᠢᠴᠠᠭᠤᠯᠬᠤ ᠬᠡᠷᠡᠭᠲᠡᠢ ᠭᠡᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠢᠩᠭ᠎ᠠ ᠬᠦᠴᠦᠲᠡᠢ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠳᠤᠮᠳᠠ ᠪᠣᠳᠠᠲᠠᠢ ᠠᠷᠭ᠎ᠠ ᠰᠦᠪᠡᠭᠴᠢᠯᠡᠵᠦ᠂ ᠪᠣᠲᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠣᠯᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号