ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠬᠢᠨ ᠨᠢᠭᠡ ᠠᠴᠠ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠮᠡᠳᠡᠭᠳᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2023/7/10
    7 ᠰᠠᠷ᠎ᠠ ᠶᠢᠨ 6 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠬᠢᠨ ᠨᠢᠭᠡ ᠠᠴᠠ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠮᠡᠳᠡᠭᠳᠡᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠬᠤᠷᠠᠯ ᠡᠷᠭᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠰᠢ ᠯᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠸᠧ ᠮᠢᠩ ᠢᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠸ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠨᠡᠷ᠎ᠡ ᠳᠣᠷᠠᠳᠣᠭᠰᠠᠨ ᠵᠢᠱᠢᠭᠳᠡᠭᠴᠢ ᠵᠠᠩ ᠯᠢ ᠭᠦᠸᠧ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠡᠮᠦᠨ᠎ᠡ ᠭᠤᠷᠪᠠᠨ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠳᠠᠯᠲᠠ ᠢᠯᠡᠷᠡᠭᠦᠯᠦᠭᠰᠡᠨ ᠠᠰᠠᠭᠤᠳᠠᠯ ᠤᠨ ᠲᠣᠬᠠᠢ ᠮᠡᠳᠡᠭᠳᠡᠪᠡ︔ ᠰᠦᠸᠧ ᠮᠢᠩ ᠢᠦᠢ ᠵᠠᠷᠯᠠᠨ ᠮᠡᠳᠡᠭᠳᠡᠭᠰᠡᠨ ᠠᠰᠠᠭᠤᠳᠠᠯ ᠤᠨ ᠲᠣᠬᠠᠢ ᠵᠠᠳᠠᠯᠣᠯᠲᠠ ᠬᠢᠬᠦ ᠶᠢᠨ ᠬᠠᠮᠲᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠴᠡᠭᠴᠡᠯᠡᠨ ᠥᠭᠡᠷᠡᠴᠢᠯᠡᠬᠦ ᠠᠵᠢᠯ ᠳᠤ ᠬᠢᠨᠠᠯᠲᠠ ᠲᠠᠯᠪᠢᠬᠤ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠬᠤ ᠡᠭᠦᠳᠡᠨ ᠠᠴᠠ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠳᠣᠷᠬᠠᠢ ᠱᠠᠭᠠᠷᠳᠠᠯᠭ᠎ᠠ ᠳᠣᠷᠠᠳᠪᠠ︔ ᠯᠢᠦ ᠰᠢ ᠯᠢᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠵᠤ᠂ ᠡᠯ᠎ᠡ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠬᠡᠷᠬᠢᠨ ᠠᠳᠬᠤᠬᠤ ᠲᠤᠬᠠᠢ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠢ ᠶᠠᠷᠢᠪᠠ᠃    ᠬᠤᠷᠠᠯ ᠠᠴᠠ᠂ ᠴᠠᠭᠳᠠᠨ ᠪᠠᠶᠢᠴᠠᠭᠠᠬᠤ ᠶᠢᠨ ᠮᠥᠨ ᠴᠢᠨᠠᠷ ᠪᠣᠯ ᠤᠯᠤᠰ ᠲᠦᠷᠦ ᠶᠢᠨ ᠬᠢᠨᠠᠯᠲᠠ ᠲᠠᠯᠪᠢᠬᠤ ᠶᠠᠪᠤᠳᠠᠯ ᠪᠣᠯᠣᠨ᠎ᠠ᠂ ᠦᠨᠳᠦᠰᠦᠨ ᠡᠭᠦᠷᠭᠡ ᠪᠣᠯ ︽ᠬᠤᠶᠠᠷ ᠢ ᠬᠠᠮᠠᠭᠠᠯᠠᠬᠤ︾ ᠶᠠᠪᠤᠳᠠᠯ ᠪᠣᠯᠣᠨ᠎ᠠ᠂ ᠵᠣᠷᠢᠯᠭ᠎ᠠ ᠨᠢ ᠨᠠᠮ ᠤᠨ ᠤᠳᠤᠷᠢᠳᠤᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠪᠠᠬᠢᠵᠢᠭᠦᠯᠵᠦ᠂ ᠰᠠᠶᠢᠲᠤᠷ ᠬᠠᠮᠠᠭᠠᠯᠠᠬᠤ ᠶᠢᠨ ᠲᠥᠯᠥᠭᠡ ᠶᠤᠮ᠃ ᠲᠣᠭᠤᠷᠢᠨ ᠪᠠᠶᠢᠴᠠᠭᠠᠬᠤ ᠪᠠᠷ ᠲᠠᠮᠵᠢᠨ ᠤᠯᠤᠰ ᠲᠦᠷᠦ ᠶᠢᠨ ᠠᠰᠠᠭᠤᠳᠠᠯ ᠢ ᠢᠯᠡᠷᠡᠭᠦᠯᠵᠦ᠂ ᠤᠯᠤᠰ ᠲᠦᠷᠦ ᠶᠢᠨ ᠵᠥᠷᠢᠶ᠎ᠡ ᠶᠢ ᠵᠠᠯᠠᠷᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠪᠠᠷ ᠲᠠᠮᠵᠢᠨ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ᠂ ᠲᠠᠯᠳᠠ ᠭᠡᠮ ᠤᠨ ᠴᠢᠨᠠᠷᠲᠠᠢ ᠠᠰᠠᠭᠤᠳᠠᠯ ᠢ ᠡᠷᠢᠨ ᠭᠠᠷᠭᠠᠵᠤ᠂ ᠴᠠᠭ ᠲᠤᠬᠠᠢ ᠳᠤᠨᠢ ᠰᠠᠨᠠᠭᠤᠯᠵᠤ᠂ ᠡᠷᠲᠡᠬᠡᠨ ᠵᠠᠯᠠᠷᠠᠭᠤᠯᠵᠤ᠂ ᠬᠡᠷᠡᠭ ᠢ ᠪᠠᠭ᠎ᠠ ᠠᠴᠠ ᠨᠢ ᠰᠡᠷᠭᠡᠶᠢᠯᠡᠵᠦ᠂ ᠭᠠᠷᠬᠤ ᠠᠴᠠ ᠨᠢ ᠡᠮᠦᠨ᠎ᠡ  ᠰᠡᠷᠭᠡᠶᠢᠯᠡᠬᠦ ᠬᠡᠷᠡᠭᠲᠡᠢ ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ ᠭᠦᠨᠵᠡᠭᠡᠢ ᠲᠤᠩᠭᠠᠨ ᠪᠣᠳᠣᠯᠬᠢᠯᠠᠵᠤ᠂ ᠳᠠᠷᠤᠶᠢᠬᠠᠨ ᠰᠡᠷᠡᠮᠵᠢᠯᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠲᠥᠪ ᠴᠢᠩᠭ᠎ᠠ ᠬᠠᠨᠳᠤᠵᠤ᠂ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠂ ᠠᠰᠠᠭᠤᠳᠠᠯ ᠢ ᠬᠠᠶᠢᠬᠤᠷᠬᠤ ᠦᠭᠡᠢ ᠪᠤᠶᠤ ᠠᠰᠠᠭᠤᠳᠠᠯ ᠠᠴᠠ ᠵᠠᠶᠢᠯᠠᠵᠤ ᠪᠣᠯᠬᠤ ᠦᠭᠡᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠠ  ᠬᠠᠷᠠᠬᠤ ᠰᠡᠳᠬᠢᠴᠡ ᠶᠢ ᠲᠡᠪᠴᠢᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠷᠢᠮᠵᠢᠶ᠎ᠠ ᠲᠠᠢ ᠬᠠᠷᠢᠴᠠᠭᠤᠯᠵᠤ ᠪᠠᠶᠢᠭᠠᠳ ᠵᠥᠷᠢᠶ᠎ᠡ ᠪᠠᠨ ᠡᠷᠢᠵᠦ᠂ ᠳᠣᠲᠠᠭᠳᠠᠯ ᠢᠶᠠᠨ ᠪᠦᠬᠦ ᠲᠠᠯ᠎ᠠ ᠪᠠᠷ ᠨᠥᠬᠦᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠮᠵᠢᠯᠴᠠᠨ ᠪᠠᠶᠢᠯᠳᠤᠬᠤ ᠶᠢ ᠴᠢᠩᠭᠠᠳᠬᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠠᠵᠢᠯ ᠳᠤ ᠬᠠᠨᠳᠤᠵᠤ᠂ ᠲᠤᠰ ᠤᠳᠠᠭ᠎ᠠ ᠶᠢᠨ ᠨᠡᠶᠢᠲᠡᠯᠡᠨ ᠮᠡᠳᠡᠭᠳᠡᠭᠰᠡᠨ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ ︽ᠥᠪᠡᠷ ᠤᠨ ᠪᠡᠶ᠎ᠡ ᠶᠢᠨ ᠪᠠᠶᠢᠴᠠᠭᠠᠯᠲᠠ ᠬᠢᠬᠦ᠂ ᠪᠡᠶ᠎ᠡ ᠳᠡᠭᠡᠨ ᠲᠣᠬᠤᠵᠤ ᠠᠪᠬᠤ᠂ ᠠᠯᠳᠠᠭ᠎ᠠ ᠳᠣᠲᠠᠭᠳᠠᠯ ᠢᠶᠠᠨ ᠳᠠᠷᠣᠢ ᠳᠤᠨᠢ ᠵᠠᠯᠠᠷᠠᠭᠤᠯᠬᠤ︾ ᠠᠵᠢᠯᠯᠠᠭ᠎ᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠲᠤᠶᠢᠯᠪᠤᠷᠢᠲᠠᠢ ᠥᠭᠡᠷᠡᠴᠢᠯᠡᠵᠦ᠂ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠴᠠᠭ ᠲᠤᠬᠠᠢ ᠳᠤᠨᠢ᠂ ᠪᠦᠲᠦᠮᠵᠢᠲᠡᠢ᠂ ᠵᠥᠪ ᠣᠨᠣᠪᠴᠢᠲᠠᠢ ᠬᠡᠷᠡᠭᠯᠡᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠬᠡᠷᠡᠭᠯᠡᠬᠦ ᠶᠢ ᠠᠳᠬᠤᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠳᠦᠷ ᠳᠤᠳᠤᠮ ᠤᠨ ᠠᠵᠢᠯ ᠳᠤ ᠪᠠᠨ ᠠᠭᠤᠰᠤᠯᠴᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠭᠤᠰᠤᠯᠴᠠᠭᠤᠯᠵᠤ᠂ ᠪᠠᠭ ᠤᠨ ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠦᠷ᠎ᠡ ᠪᠦᠲᠦᠭᠡᠯ ᠤᠨ ᠪᠠᠬᠢᠵᠢᠨ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠢ ᠃ ᠨᠡᠶᠢᠲᠡᠯᠡᠨ ᠮᠡᠳᠡᠭᠳᠡᠭᠰᠡᠨ ᠨᠡᠶᠢᠲᠡᠴᠢ ᠴᠢᠨᠠᠷᠲᠠᠢ ᠠᠰᠠᠭᠤᠳᠠᠯ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠪᠡᠶ᠎ᠡ ᠳᠡᠭᠡᠨ ᠲᠣᠬᠤᠵᠤ ᠠᠪᠴᠤ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠨᠡᠶᠢᠲᠡᠴᠢ ᠴᠢᠨᠠᠷᠲᠠᠢ ᠠᠰᠠᠭᠤᠳᠠᠯ ᠢ ᠲᠤᠤᠱᠲᠠᠢ ᠴᠡᠪᠡᠷᠯᠡᠵᠦ᠂ ᠴᠡᠭᠴᠡᠯᠡᠨ ᠰᠠᠶᠢᠵᠢᠷᠠᠭᠤᠯᠬᠤ ᠶᠢ ᠲᠤᠤᠱᠲᠠᠢ ᠪᠠᠲᠤᠯᠠᠬᠤ ᠶᠢᠨ ᠬᠠᠮᠲᠤ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠵᠦ᠂ ᠴᠢᠩᠭ᠎ᠠ ᠳᠦᠷᠢᠮ ᠲᠣᠭᠲᠠᠭᠠᠯ ᠢᠶᠠᠷ ᠡᠯ᠎ᠡ ᠵᠦᠢᠯ ᠤᠨ ᠠᠵᠢᠯ ᠤᠨ ᠵᠢᠷᠤᠮᠵᠢᠯ ᠲᠠᠢ ᠠᠵᠢᠯᠯᠠᠬᠤ  ᠶᠢ ᠬᠢᠵᠠᠭᠠᠷᠯᠠᠬᠤ ᠬᠡᠷᠡᠭᠲᠡᠢ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ︔ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠤ ᠤᠳᠤᠷᠢᠳᠤᠯᠭ᠎ᠠ ᠠᠴᠠ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠨᠢᠭᠡᠴᠡ ᠶᠢᠨ ᠢᠶᠠᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠤᠳᠤᠷᠢᠳᠬᠤ᠂ ᠪᠠᠶᠢᠴᠠᠭᠠᠬᠤ᠂ ᠱᠠᠭᠠᠷᠳᠠᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠶᠢᠨ ᠬᠡᠪ ᠤᠨ ᠪᠠ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠡᠪᠡᠳᠴᠢᠨ ᠤ ᠡᠬᠢ︾ ᠶᠢ ᠣᠨᠣᠪᠴᠢᠲᠠᠢ ᠡᠷᠢᠵᠦ᠂ ︽ᠡᠪᠡᠳᠴᠢᠨ ᠤ ᠦᠨᠳᠦᠰᠦ︾ ᠶᠢ ᠭᠦᠨᠵᠡᠭᠡᠢ ᠠᠭᠤᠳᠠᠯᠵᠤ᠂ ᠪᠠᠶᠢᠳᠠᠯ ᠤᠨ ᠬᠥᠭᠵᠢᠯᠲᠡ ᠶᠢ ᠴᠢᠩᠭ᠎ᠠ ᠳᠠᠭᠠᠵᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠤᠷᠤᠯᠴᠠᠯᠭ᠎ᠠ ᠶᠢᠨ ᠳᠤᠮᠳᠠ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠪᠦᠷᠬᠦᠪᠴᠢ ᠶᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠵᠥᠷᠢᠴᠡᠯ ᠢ ᠵᠣᠷᠢᠭᠲᠠᠢ ᠪᠠᠷ ᠬᠦᠨᠳᠡᠵᠤ᠂ ᠠᠰᠠᠭᠤᠳᠠᠯ ᠢ ᠴᠢᠳᠠᠮᠠᠭᠠᠢ ᠪᠠᠷ ᠰᠢᠢᠳᠪᠦᠷᠢᠯᠡᠵᠦ᠂ ᠪᠣᠳᠠᠲᠠᠢ ᠠᠰᠠᠭᠤᠳᠠᠯ ᠤᠳ ᠢ ᠰᠢᠢᠳᠪᠦᠷᠢᠯᠡᠬᠦ ᠶᠠᠪᠤᠴᠠ ᠳᠤ ᠠᠵᠢᠯ ᠤᠨ ᠨᠠᠶᠢᠳᠠᠪᠤᠷᠢᠵᠢᠭᠤᠯᠤᠯᠲᠠ ᠪᠠ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠷᠠᠯᠲᠠ ᠴᠢᠭᠯᠡᠯ  ᠲᠡᠰᠢ ᠬᠦᠴᠦᠯᠡᠬᠦ ᠶᠢ ᠪᠠᠷᠢᠮᠲᠠᠯᠠᠵᠤ᠂ ᠰᠤᠷᠴᠤ ᠮᠡᠳᠡᠵᠦ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠪᠦᠲᠦᠮᠵᠢᠲᠡᠶ ᠰᠤᠷᠤᠯᠴᠠᠬᠤ ᠳᠦᠷᠢᠮ ᠢ ᠪᠠᠷᠢᠮᠲᠠᠯᠠᠨ᠂ ᠪᠠᠶᠢᠩᠭᠤ ᠶᠢᠨ ᠴᠢᠨᠠᠷᠲᠠᠢ ᠬᠥᠮᠦᠵᠢᠯ᠂ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠬᠦ ᠤᠬᠠᠮᠰᠠᠷ ᠪᠠ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠷᠡᠰ ᠪᠠᠲᠤ ᠴᠢᠨᠠᠷ ᠪᠠ ᠤᠬᠠᠮᠰᠠᠷᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠬᠤᠯᠠ ᠶᠢ ᠬᠠᠷᠠᠵᠤ ᠰᠡᠳᠬᠢᠬᠦ᠂ ᠪᠥᠬᠦ ᠲᠠᠯ᠎ᠠ ᠶᠢᠨ ᠴᠢᠨᠠᠷᠲᠠᠢ ᠠᠷᠭ᠎ᠠ ᠪᠣᠳᠣᠯᠭ᠎ᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠨᠠᠶᠢᠳᠠᠪᠤᠷᠢᠵᠢᠭᠤᠯᠤᠯᠲᠠ ᠶᠢ ᠠᠳᠬᠤᠬᠤ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠵᠥᠪ ᠡᠷᠬᠡ ᠶᠢᠨ ᠦᠵᠡᠯᠲᠡ᠂ ᠠᠯᠪᠠᠨ ᠠᠮᠵᠢᠯᠲᠠ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠵᠤ᠂ ᠦᠢᠯᠡᠳᠦᠯᠭᠡ ᠶᠢ ᠴᠢᠬᠤᠯᠠᠴᠢᠯᠠᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠠᠷᠢᠭᠤᠴᠠᠯᠭ᠎ᠠ ᠪᠠᠨ ᠰᠠᠬᠢᠬᠤ᠂  ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠵᠢᠯ ᠢᠶᠠᠨ ᠨᠢᠭᠡ ᠨᠢᠭᠡ ᠪᠠᠷ ᠬᠢᠵᠦ᠂ ᠨᠢᠭᠡ ᠨᠢᠭᠡ ᠪᠠᠷ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠪᠣᠳᠠᠲᠠᠢ ᠠᠵᠢᠯᠯᠠᠵᠤ ᠣᠪᠣᠷ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ᠂ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ᠂ ᠵᠠᠮ ᠨᠡᠭᠡᠭᠡᠨ ᠤᠷᠤᠭᠰᠢᠯᠠᠬᠤ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠵᠣᠷᠢᠭ ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠪᠣᠳᠣᠯᠬᠢᠯᠠᠨ᠂ ︽ᠵᠠᠩᠭᠢᠯᠠᠭ᠎ᠠ︾ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ︽ᠥᠨᠳᠥᠷ ᠬᠦᠴᠦᠳᠡᠯᠲᠦ ᠴᠠᠬᠢᠯᠭᠠᠨ ᠤᠲᠠᠰᠤ︾ ᠶᠢ ᠪᠠᠲᠤᠳᠬᠠᠵᠤ᠂ ᠡᠳᠦᠷ ᠳᠤᠳᠤᠮ ᠤᠨ ᠬᠢᠨᠠᠯᠲᠠ ᠶᠢ ᠴᠢᠩᠭᠠᠳᠬᠠᠵᠤ᠂ ︽ᠬᠠᠲᠠᠭᠤ ᠬᠢᠵᠠᠭᠠᠷᠯᠠᠯ︾ ᠪᠠᠨ ᠪᠠᠲᠤ ᠪᠠᠶᠢᠭᠤᠯᠬᠤ ᠬᠡᠷᠡᠭᠲᠡᠢ ᠭᠡᠪᠡ᠃     ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠭᠰᠠᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠨᠢᠭᠡ ᠠᠴᠠ ᠳᠣᠯᠣᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠲᠤ ᠬᠢᠨᠠᠯᠲᠠ ᠲᠠᠯᠪᠢᠬᠤ ᠳᠤᠭᠤᠶᠢᠯᠠᠩ ᠤᠨ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠳᠡᠳ᠋ ᠰᠠᠯᠠᠭᠠᠨ ᠤ ᠲᠠᠰ  ᠠᠴᠠ ᠳᠡᠭᠡᠭᠰᠢᠬᠢ ᠺᠠᠳ᠋ᠷ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠡᠯ᠎ᠡ ᠳᠤᠭᠤᠶᠢᠯᠠᠩ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号