ᠰᠢᠶᠠᠩᠱᠠᠨ ᠲᠠᠷᠢᠶᠠᠯᠠᠩ ᠤᠨ ᠲᠠᠯᠠᠪᠠᠢ᠄ ᠮᠢᠩᠭᠠᠨ ᠲᠤᠤᠷ ᠤᠨ ᠠᠵᠢᠯᠲᠠᠨ ᠲᠦᠮᠡᠨ ᠡᠷᠦᠬᠡ ᠳᠤ ᠬᠦᠷᠴᠦ ᠠᠷᠠᠳ ᠤᠨ ᠪᠠᠶᠢᠳᠠᠯ ᠢ ᠪᠠᠶᠢᠴᠠᠭᠠᠨ ᠠᠷᠠᠳ ᠤᠨ ᠰᠠᠨᠠᠭ᠎ᠠ ᠶᠢ ᠰᠣᠨᠣᠰᠴᠤ ᠠᠷᠠᠳ ᠤᠨ ᠵᠣᠪᠠᠨᠢᠯ ᠢ ᠰᠢᠢᠳᠪᠤᠷᠢᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/7/11
      7 ᠰᠠᠷ᠎ᠠ ᠶᠢᠨ 10 ᠤ ᠡᠳᠦᠷ᠂ ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠲᠤᠤᠷ ᠤᠨ ᠠᠵᠢᠯᠲᠠᠳ ᠬᠠᠷᠢᠶᠠᠲᠤ ᠣᠷᠣᠨ ᠤ ᠪᠠᠨ ᠣᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠲᠡᠳᠡᠨ ᠤ ᠦᠨᠳᠦᠰᠦᠨ ᠪᠠᠶᠢᠳᠠᠯ ᠪᠣᠯᠣᠨ ︽ᠪᠠᠴᠢᠮᠳᠠᠵᠦ ᠵᠤᠪᠠᠵᠦ ᠬᠦᠴᠢᠷᠳᠡᠵᠦ ᠬᠦᠰᠡᠵᠦ︾ ᠪᠠᠶᠢᠭ᠎ᠠ ᠠᠰᠠᠭᠤᠳᠠᠯ ᠢ ᠨᠢᠭᠤᠷᠲᠠᠨ ᠣᠶᠢᠯᠠᠭᠠᠭᠰᠠᠨ ᠪᠥᠭᠡᠳ ᠦᠨᠳᠦᠰᠦᠨ ᠮᠡᠳᠡᠭᠡ ᠵᠠᠩᠭᠢ ᠶᠢᠨ ᠡᠬᠡ ᠲᠠᠩᠰᠠ ᠪᠠᠶᠢᠭᠤᠯᠵᠤ᠂ ᠬᠠᠮᠤᠭ ᠤᠨ ᠲᠦᠷᠭᠡᠨ ᠬᠤᠷᠳᠤᠴᠠ ᠪᠠᠷ ᠠᠰᠠᠭᠤᠳᠠᠯ  ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ᠬᠦᠴᠢᠷᠳᠡᠯᠲᠡᠢ ᠣᠯᠠᠨ ᠲᠦᠮᠡᠨ᠂ ᠭᠤᠤᠨᠢ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠦᠬᠡᠳ ᠵᠡᠷᠭᠡ ᠣᠨᠴᠣᠭᠤᠢ ᠭᠡᠷ ᠪᠦᠯᠢ ᠳᠤ ᠴᠢᠭᠯᠡᠭᠦᠯᠦᠨ ᠨᠢᠭᠡ ᠡᠷᠦᠬᠡ ᠳᠤ ᠨᠢᠭᠡ ᠲᠠᠩᠰᠠ ᠬᠠᠷ᠎ᠠ ᠪᠠᠶᠢᠭᠤᠯᠵᠦ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠭᠤᠤᠨᠢ ᠨᠠᠰᠤᠲᠠᠨ᠂ ᠵᠡᠮᠳᠡᠭ ᠭᠡᠷ ᠪᠦᠯᠢ ᠵᠡᠷᠭᠡ ᠣᠨᠴᠣᠭᠤᠢ ᠡᠩᠨᠡᠭᠡ ᠶᠢ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠲᠤ ᠪᠠᠨ ᠤᠷᠤᠭᠤᠯᠪᠠ︔ ᠭᠡᠷ ᠲᠡᠭᠡᠨ ᠪᠠᠶᠢᠬᠤ ᠦᠭᠡᠢ ᠠᠵᠢᠯᠲᠠᠨ ᠠᠵᠢᠯᠴᠢᠨ ᠣᠯᠠᠨ ᠲᠦᠮᠡᠨ ᠳᠤ ᠴᠢᠭᠯᠡᠭᠦᠯᠦᠨ᠂ ᠤᠲᠠᠰᠤ ᠠᠪᠬᠤ᠂ ᠸᠢᠴᠠᠲ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠠᠰᠠᠭᠤᠨ ᠯᠠᠪᠯᠠᠵᠤ᠂ ᠨᠢᠭᠡ ᠡᠷᠦᠬᠡ᠂ ᠨᠢᠭᠡ ᠬᠦᠮᠤᠨ ᠢ ᠴᠤ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠲᠤᠤᠷ ᠤᠨ ᠠᠵᠢᠯ ᠤᠨ ᠵᠠᠰᠠᠯᠲᠠ ᠶᠢ ᠨᠠᠩ ᠥᠨᠳᠥᠷ ᠪᠦᠲᠦᠮᠵᠢᠲᠡᠶ ᠪᠣᠯᠭᠠᠵᠤ᠂ ᠣᠯᠠᠨ ᠲᠦᠮᠡᠨ ᠳᠤ ᠨᠠᠩ ᠣᠨᠣᠪᠴᠢᠲᠠᠶ ᠦᠢᠯᠡᠴᠢᠯᠡᠵᠦ᠂ ᠠᠵᠢᠯᠲᠠᠨ ᠠᠵᠢᠯᠴᠢᠨ ᠣᠯᠠᠨ ᠲᠦᠮᠡᠨ ᠤ ᠠᠮᠢᠳᠤᠷᠠᠯ ᠢ ᠨᠠᠩ ᠳᠤᠯᠠᠭᠠᠬᠠᠨ ᠪᠤᠯᠭᠠᠪᠠ᠃      
微信图片_20230711095121.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号