| 7 ᠰᠠᠷ᠎ᠠ ᠶᠢᠨ10 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠳᠤ | ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠤᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠢᠵᠦ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠡᠯ᠎ᠡ ᠲᠠᠰᠤᠭ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠ ᠭᠤᠣᠯᠳᠠᠯᠭ᠎ᠠ ᠲᠠᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | | | ᠬᠤᠷᠠᠯ ᠳᠡᠭᠡᠷ᠎ᠡ᠂ ᠮᠦ ᠲᠢᠶᠧ ᠮᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ | ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ ᠲᠡᠷᠡ ᠵᠢᠭᠠᠪᠣᠷᠢᠯᠠᠭᠰᠠᠨ ᠨᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠶᠡᠷᠦᠩᠬᠡᠶᠢᠯᠡᠭᠰᠡᠨ | ᠠᠵᠤ ᠠᠬᠤᠢ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠥᠬᠦ ᠲᠠᠯ᠎ᠠ ᠶᠢᠨ ᠴᠢᠨᠠᠷᠲᠠᠢ ᠪᠠᠶᠢᠯᠳᠤᠬᠤ | ᠪᠣᠳᠣᠯᠭ᠎ᠠ ᠶᠢᠨ ᠲᠥᠯᠦᠪᠵᠢᠭᠦᠯᠭᠡ ᠶᠢ ᠰᠦᠪᠡᠭᠴᠢᠯᠡᠨ ᠠᠬᠢᠭᠤᠯᠬᠤ᠂ ᠴᠢᠬᠤᠯᠠ ᠶᠡᠭᠡ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠥᠭᠡᠷᠡᠴᠢᠯᠡᠯᠲᠡ ᠬᠥᠭᠵᠢᠯᠲᠡ ᠶᠢᠨ ᠰᠤᠳᠤᠯᠭᠠᠨ ᠥᠷᠨᠢᠭᠦᠯᠬᠦ ᠵᠡᠷᠭᠡ ᠴᠢᠬᠤᠯᠠ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠮᠠᠰᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠶᠤᠮ᠂ ᠪᠥᠬᠦ ᠺᠠᠳ᠋ᠷᠴᠤᠳ ᠦᠷᠭᠦᠯᠵᠢᠯᠡᠨ | ᠢᠮᠠᠭᠲᠠ ᠪᠠᠷᠢᠮᠲᠠᠯᠠᠬᠤ ᠡᠷᠴᠢ ᠵᠣᠷᠢᠭ᠂ ᠣᠷᠣᠭᠰᠢᠯᠠᠨ ᠭᠠᠪᠰᠢᠭᠠᠶᠢᠯᠠᠬᠤ ᠡᠷᠴᠢ ᠵᠣᠷᠢᠭ᠂ ᠮᠡᠷᠡᠶᠢᠨ ᠴᠢᠷᠮᠠᠶᠢᠬᠤ | ᠡᠷᠴᠢ ᠵᠣᠷᠢᠭ ᠢᠶᠠᠨ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ ᠭᠡᠪᠡ᠃ | ᠮᠦ ᠲᠢᠶᠧ ᠮᠢᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠨ | ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠴᠠᠭ ᠲᠤᠬᠠᠢ ᠳᠤᠨᠢ ᠡᠵᠡᠮᠳᠡᠨ ᠰᠤᠳᠤᠯᠵᠤ᠂ ᠪᠥᠬᠦ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠭᠠᠷᠳᠠᠬᠤ | ᠴᠡᠭ᠂ ᠤᠶᠠᠯᠳᠤᠬᠤ ᠴᠡᠭ ᠢ ᠰᠠᠶᠢᠲᠤᠷ ᠡᠷᠢᠨ ᠣᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠥᠷᠥ ᠶᠢᠨ ᠪᠣᠳᠣᠯᠭ᠎ᠠ ᠶᠢ | ᠣᠨᠣᠪᠴᠢᠲᠠᠶ ᠬᠡᠷᠡᠭᠯᠡᠬᠦ ᠳᠤ ᠨᠠᠶᠢᠳᠠᠪᠤᠷᠢᠲᠠᠢ ᠯᠠᠪᠯᠠᠯᠲᠠ ᠦᠨᠳᠦᠰᠦᠯᠡᠯ ᠬᠠᠩᠭᠠᠬᠤ ᠬᠡᠷᠡᠭᠲᠡᠢ᠃ ᠭᠤᠣᠯᠳᠠᠯᠭ᠎ᠠ ᠲᠠᠢ | ᠲᠦᠷᠦᠯ ᠵᠦᠢᠯ ᠢ ᠲᠣᠬᠢᠷᠠᠭᠤᠯᠬᠤ ᠪᠠ ᠮᠥᠷᠳᠡᠨ ᠦᠢᠯᠡᠴᠢᠯᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ | ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠠᠷᠭ᠎ᠠ | ᠪᠦᠬᠦᠨ ᠢ ᠰᠦᠪᠡᠭᠴᠢᠯᠡᠨ ᠰᠢᠢᠳᠪᠦᠷᠢᠯᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ ᠪᠦᠲᠦᠮᠵᠢᠲᠡᠢ ᠪᠡᠯᠡ | ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠪᠠᠶᠢᠭᠤᠯᠤᠯᠭ᠎ᠠ ᠶᠢᠨ ᠣᠪᠣᠷ ᠰᠤᠷᠲᠠᠯ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠡᠳᠦᠷ ᠳᠤᠳᠤᠮ ᠤᠨ ᠬᠠᠮᠢᠶᠠᠷᠤᠯᠲᠠ ᠬᠢᠨᠠᠯᠲᠠ ᠶᠢ | ᠴᠢᠩᠭᠠᠳᠬᠠᠵᠤ᠂ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ᠂ ᠳᠠᠶᠢᠴᠢᠨ ᠬᠦᠴᠦᠨ ᠪᠣᠯᠣᠨ ᠬᠥᠲᠥᠯᠥᠨ | ᠳᠠᠭᠠᠭᠤᠯᠬᠤ ᠬᠦᠴᠦᠨ ᠢ ᠳᠠᠰᠤᠷᠠᠯᠳᠠ ᠦᠭᠡᠢ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠭᠡᠷᠡᠴᠢᠯᠡᠯᠲᠡ ᠬᠥᠭᠵᠢᠭᠦᠯᠦᠯᠲᠡ ᠶᠢᠨ ᠡᠩᠨᠡᠭᠡ ᠶᠢᠨ | ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠪᠡ᠃ | |