| | ᠣᠳᠣᠬᠠᠨ ᠳᠤ᠂ ᠬᠡᠦᠬᠡᠳ ᠤᠨ ᠠᠷᠠᠰᠤᠨ ᠤ ᠰᠠᠯᠢᠰᠤᠲᠤ ᠪᠦᠷᠬᠦᠪᠴᠢ ᠶᠢᠨ ᠯᠢᠮᠪᠠ ᠶᠢᠨ | ᠶᠡᠷᠦᠩᠬᠡᠶᠢᠯᠡᠭᠰᠡᠨ ᠡᠪᠡᠳᠴᠢᠨ ᠳᠡᠯᠭᠡᠷᠡᠬᠦ ᠤᠯᠠᠷᠢᠯ ᠳᠤ ᠣᠷᠤᠭᠠᠳ ᠪᠠᠶᠢᠨ᠎ᠠ᠃ ᠡᠬᠢᠨ ᠤ ᠬᠤᠭᠤᠴᠠᠭᠠᠨ ᠤ | ᠡᠪᠡᠳᠴᠢᠨ ᠤ ᠢᠯᠡᠷᠡᠯ ᠨᠢ ᠬᠢᠮᠤᠷᠠᠭ᠎ᠠ ᠲᠠᠢ ᠠᠳᠠᠯᠢᠪᠲᠤᠷ ᠤᠴᠢᠷ ᠠᠴᠠ ᠡᠪᠡᠳᠴᠢᠯᠡᠭᠰᠡᠨ ᠬᠡᠦᠬᠡᠳ ᠡᠮᠴᠢᠯᠡᠭᠡᠨ ᠤ | ᠬᠠᠮᠤᠭ ᠤᠨ ᠪᠣᠯᠣᠮᠵᠢ ᠲᠠᠢ ᠴᠠᠭ ᠲᠣᠬᠢᠶᠠᠯ ᠢ ᠰᠠᠭᠠᠲᠠᠭᠠᠵᠤ ᠮᠡᠳᠡᠨ᠎ᠡ᠃ ᠪᠡᠭᠡᠵᠢᠩ ᠤᠨ ᠬᠡᠦᠬᠡᠳ ᠤᠨ | ᠡᠮᠨᠡᠯᠭᠡ ᠶᠢᠨ ᠬᠤᠷᠢᠶᠠᠨ ᠤ ᠱᠦᠨ ᠢ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ | ᠳᠡᠳ᠋ ᠡᠷᠬᠢᠯᠡᠭᠴᠢ ᠰᠦᠨ ᠰᠢᠤᠸᠠᠢ ᠮᠧᠶ ᠬᠡᠯᠡᠬᠦ ᠳᠡᠭᠡᠨ᠄ ︽ ᠣᠳᠣᠬᠠᠨ ᠳᠤ ᠠᠮᠢᠰᠬᠤᠯ ᠤᠨ ᠵᠠᠮ ᠤᠨ ᠡᠪᠡᠳᠴᠢᠨ | ᠣᠯᠠᠨ ᠳᠡᠯᠭᠡᠷᠡᠵᠤ ᠪᠠᠶᠢᠬᠤ ᠪᠣᠯᠪᠠᠴᠤ ᠬᠡᠦᠬᠡᠳ ᠬᠠᠯᠠᠭᠤᠷᠠᠭᠠᠳ 5 ᠡᠳᠦᠷ ᠪᠣᠯᠤᠭᠰᠠᠨ ᠪᠠᠶᠢᠲᠠᠯ᠎ᠠ ᠮᠥᠨ ᠯᠡ | ᠬᠠᠯᠠᠭᠤᠨ ᠨᠢ ᠪᠠᠭᠤᠷᠠᠬᠤ ᠦᠭᠡᠶ᠂ ᠡᠰᠡᠬᠦᠯ᠎ᠡ ᠤᠷᠤᠭᠤᠯ ᠨᠢ ᠬᠠᠭᠠᠷᠠᠬᠤ᠂ ᠠᠷᠠᠰᠤᠨ ᠤ ᠡᠰᠡᠷᠭᠡᠨ᠎ᠡ ᠭᠠᠷᠬᠤ᠂ | ᠨᠢᠳᠦ ᠨᠢ ᠤᠯᠠᠶᠢᠬᠤ ᠵᠡᠷᠭᠡ ᠪᠠᠶᠢᠳᠠᠯ ᠭᠠᠷᠪᠠᠯ ᠣᠨᠴᠠᠭᠠᠶ ᠴᠢᠬᠤᠯᠠᠴᠢᠯᠠᠨ ᠦᠵᠡᠵᠦ᠂ ᠡᠪᠡᠳᠴᠢᠨ ᠤ | ᠰᠢᠯᠲᠠᠭᠠᠨ ᠢ ᠨᠢ ᠴᠠᠭ ᠲᠤᠬᠠᠶ ᠳᠤᠨᠢ ᠪᠠᠶᠢᠴᠠᠭᠠᠯᠭᠠᠬᠤ ᠬᠡᠷᠡᠭᠲᠡᠶ︾ ᠭᠡᠵᠡᠶ᠃ | ᠬᠡᠦᠬᠡᠳ ᠤᠨ ᠠᠷᠠᠰᠤᠨ ᠤ ᠰᠠᠯᠢᠰᠤᠲᠤ ᠪᠦᠷᠬᠦᠪᠴᠢ ᠶᠢᠨ ᠯᠢᠮᠪᠠ ᠶᠢᠨ ᠶᠡᠷᠦᠩᠬᠡᠶᠢᠯᠡᠭᠰᠡᠨ ᠡᠪᠡᠳᠴᠢᠨ ᠤ | ᠭᠤᠣᠯ ᠢᠯᠡᠷᠡᠯ ᠳᠤ᠄ ᠦᠷᠭᠦᠯᠵᠢᠯᠡᠨ ᠬᠠᠯᠠᠭᠤᠷᠠᠭᠠᠳ 5 ᠡᠳᠦᠷ ᠠᠴᠠ ᠳᠠᠪᠠᠭᠰᠠᠨ᠂ ᠪᠦᠬᠦ ᠪᠡᠶ᠎ᠡ ᠶᠢᠨ ᠣᠯᠠᠨ | ᠬᠡᠯᠪᠡᠷᠢᠲᠦ ᠠᠷᠠᠰᠤᠨ ᠤ ᠡᠰᠡᠷᠭᠡᠨ᠎ᠡ ᠭᠠᠷᠬᠤ᠂ ᠬᠤᠶᠠᠷ ᠨᠢᠳᠦᠨ ᠤ ᠨᠡᠶᠢᠯᠡᠮᠡᠯ ᠪᠦᠷᠬᠦᠪᠴᠢ ᠳᠤ ᠴᠢᠰᠤ ᠬᠤᠷᠠᠬᠤ᠂ | ᠤᠷᠤᠭᠤᠯ ᠨᠢ ᠬᠠᠭᠤᠷᠠᠶᠢᠳᠠᠨ ᠤᠯᠠᠶᠢᠬᠤ᠂ ᠬᠡᠯᠡ ᠨᠢ ᠤᠯᠠᠶᠢᠵᠤ ᠣᠰᠠᠬᠤᠷᠳᠤᠬᠤ᠂ ᠯᠢᠮᠪᠠ ᠬᠠᠪᠤᠳᠬᠤ ᠵᠡᠷᠭᠡ | ᠪᠠᠭᠲᠠᠨ᠎ᠠ᠃ ᠡᠬᠢᠨ ᠤ ᠬᠤᠭᠤᠴᠠᠭᠠᠨ ᠤ ᠢᠯᠡᠷᠡᠯ ᠨᠢ ᠡᠩ ᠤᠨ ᠬᠢᠮᠤᠷᠠᠭ᠎ᠠ ᠲᠠᠢ ᠠᠳᠠᠯᠢᠪᠲᠤᠷ ᠤᠴᠢᠷ ᠠᠴᠠ ᠡᠮᠨᠡᠨ | ᠵᠠᠰᠠᠬᠤ ᠬᠠᠮᠤᠭ ᠤᠨ ᠪᠣᠯᠣᠮᠵᠢ ᠲᠠᠢ ᠴᠠᠭ ᠲᠣᠬᠢᠶᠠᠯ ᠢ ᠠᠯᠳᠠᠳᠠᠭ ᠪᠠᠶᠢᠨ᠎ᠠ᠃ | |