| | ᠲᠦᠩᠯᠢᠶᠣᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ︽ᠬᠤᠲᠠ ᠪᠠᠯᠭᠠᠰᠤ ᠶᠢᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ | ᠠᠵᠢᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠢᠯᠤᠭᠤᠳᠬᠤ ᠰᠠᠨᠠᠯ︾ ᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠠᠶᠠᠭᠳᠠᠮᠠᠯ ᠭᠠᠵᠠᠷ᠂ ᠥᠨᠴᠥᠭ ᠪᠤᠯᠤᠩ᠂ ᠭᠡᠷ | ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠶᠢ ᠭᠦᠢᠴᠡᠳ ᠠᠰᠢᠭᠯᠠᠨ᠂ ᠰᠠᠭᠤᠭᠠᠯᠢ ᠠᠷᠠᠳ ᠤᠨ ᠳᠡᠷᠭᠡᠳᠡᠬᠢ ᠵᠢᠵᠢᠭ | ᠮᠥᠷᠲᠡᠭᠡᠨ ᠭᠤᠶᠣ ︽ᠵᠢᠵᠢᠭᠬᠡᠨ ᠴᠡᠴᠡᠷᠯᠢᠭ︾᠂ ᠪᠢᠴᠢᠯ ᠵᠦᠯᠭᠡ ᠭᠠᠵᠠᠷ ᠢ ᠬᠦᠴᠦᠯᠡᠨ ᠪᠦᠲᠦᠭᠡᠨ ᠪᠠᠶᠢᠭᠤᠯᠵᠤ᠂ | ᠨᠡᠶᠢᠭᠡᠮ ᠲᠣᠭᠤᠷᠢᠭ ᠤᠨ ᠴᠡᠴᠡᠷᠯᠢᠭ᠂ ᠵᠤᠭᠠᠴᠠᠯ ᠤᠨ ᠬᠦᠷᠢᠶᠡᠯᠡᠩ ᠤᠨ ᠬᠦᠷᠴᠦ ᠪᠣᠯᠬᠤᠶᠢᠴᠠ ᠴᠢᠨᠠᠷ ᠢ | ᠰᠢᠯᠢᠳᠡᠭᠵᠢᠭᠦᠯᠵᠦ ᠪᠠᠶᠢᠨ᠎ᠠ᠃ 2023 ᠣᠨ ᠳᠤ᠂ ᠮᠠᠨ ᠤ ᠲᠣᠪᠴᠢᠶ᠎ᠠ ᠬᠤᠶᠠᠷ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ 24 ᠵᠢᠵᠢᠭᠬᠡᠨ ᠴᠡᠴᠡᠷᠯᠢᠭ ᠢ ᠪᠦᠲᠦᠭᠡᠨ ᠪᠠᠶᠢᠭᠤᠯᠵᠤ ᠥᠭᠡᠷᠡᠴᠢᠯᠡᠨ | ᠪᠠᠶᠢᠭᠤᠯᠬᠤ ᠪᠠᠷ ᠲᠥᠯᠥᠪᠯᠡᠵᠦ᠂ 2200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠲᠦᠢᠮᠣ | ᠲᠥᠰᠥᠪ ᠬᠢᠵᠦ᠂ ᠵᠢᠱᠢᠯᠲᠡ ᠪᠠᠷ 6.5 ᠾᠧᠺᠲ᠋ᠠᠷ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠢ | ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ ᠬᠤᠷᠴᠢᠨ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 10 ᠬᠡᠷᠡᠭᠵᠢᠭᠦᠯᠵᠦ᠂ ᠨᠡᠭᠡᠭᠡᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ 11 ᠬᠡᠷᠡᠭᠵᠢᠭᠦᠯᠵᠦ᠂ ᠠᠵᠤ | ᠠᠬᠤᠶᠢᠯᠠᠯ 3 ᠶᠢ ᠪᠡᠯᠡ ᠣᠷᠣᠭᠤᠯᠤᠨ ᠪᠦᠲᠦᠭᠡᠨ ᠪᠠᠶᠢᠭᠤᠯᠤᠨ᠎ᠠ᠃ 7 ᠳ᠋ᠤᠭᠠᠷ ᠰᠠᠷ᠎ᠠ ᠶᠢᠨ ᠰᠢᠨᠡᠳ ᠪᠣᠯᠲᠠᠯ᠎ᠠ᠂ | 14 ᠶᠢ ᠨᠢ ᠠᠵᠢᠯ ᠡᠬᠢᠯᠡᠭᠦᠯᠵᠦ᠂ 3 ᠶᠢ ᠨᠢ ᠠᠵᠢᠯ ᠳᠠᠭᠤᠰᠬᠠᠵᠤ᠂ 885 ᠲᠦᠮᠡᠨ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠤᠤᠱᠯᠠᠭᠤᠯᠤᠨ ᠬᠤᠲᠠ ᠶᠢᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠮᠠᠨ ᠤ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ | ᠪᠠᠲᠤᠯᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 4 ᠳᠤ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ | ᠭᠦᠨᠵᠡᠭᠡᠶᠢᠷᠡᠨ ᠬᠤᠶᠠᠷ ᠲᠣᠭᠤᠷᠢᠭ ᠤᠨ ᠵᠢᠵᠢᠭᠬᠡᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ | ᠭᠠᠵᠠᠷ ᠲᠤᠨᠢ ᠬᠢᠨᠠᠨ ᠵᠢᠯᠤᠭᠤᠳᠬᠤ ᠶᠢᠨ ᠬᠠᠮᠲᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠂ ᠨᠢᠭᠡ ᠳᠤ | ᠰᠢᠨ᠎ᠡ ᠪᠠᠶᠢᠳᠠᠯ ᠳᠤ ᠬᠠᠨᠳᠤᠭᠤᠯᠵᠤ᠂ ᠨᠣᠭᠤᠭᠠᠷᠠᠭᠤᠯᠤᠯᠲᠠ ᠶᠢᠨ ᠵᠠᠭᠪᠤᠷ ᠤᠨ ᠬᠤᠪᠢᠷᠠᠭᠤᠯᠤᠯᠲᠠ ᠶᠢ | ᠠᠬᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ᠂ ᠠᠮᠢ ᠠᠬᠤᠢ ᠶᠢᠨ ᠬᠡᠯᠪᠡᠷᠢ᠂ ᠴᠢᠳᠠᠮᠵᠢ ᠲᠡᠭᠦᠯᠳᠡᠷ ᠬᠡᠯᠪᠡᠷᠢ ᠶᠢᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠣᠳᠠᠲᠠᠢ ᠱᠠᠭᠠᠷᠳᠠᠯᠭ᠎ᠠ ᠶᠢ ᠲᠥᠯᠥᠪᠵᠢᠭᠦᠯᠵᠦ | ᠵᠢᠷᠤᠭᠯᠠᠨ ᠲᠥᠯᠥᠪᠯᠡᠬᠦ ᠳᠡᠭᠡᠨ ᠨᠠᠶᠢᠳᠠᠪᠤᠷᠢᠵᠢᠭᠤᠯᠵᠤ᠂ ᠳᠡᠭᠡᠳᠦ ᠲᠡᠰ ᠤᠨ ᠬᠡᠷᠡᠭᠯᠡᠭᠡᠨ ᠤ ᠮᠠᠲ᠋ᠧᠷᠢᠶᠠᠯ ᠪᠠ ᠭᠡᠳᠤ | ᠶᠡᠭᠡ ᠬᠡᠮᠵᠢᠶᠡᠨ ᠤ ᠵᠤᠯᠵᠠᠭ᠎ᠠ ᠮᠣᠳᠣ ᠶᠢ ᠬᠥᠭᠡᠭᠡᠴᠡᠯᠳᠦᠬᠦ᠂ ᠪᠦᠳᠦᠭᠦᠯᠢᠭ ᠮᠠᠭᠤ ᠱᠤᠭᠤᠮᠠᠯ ᠪᠠ ᠪᠢᠴᠢᠯ | ᠱᠤᠭᠤᠮᠠᠯ ᠢ ᠳᠤᠷ᠎ᠠ ᠪᠠᠷ ᠢᠶᠠᠨ ᠦᠢᠯᠡᠳᠬᠦ᠂ ᠦᠨᠡᠲᠡᠢ ᠦᠵᠡᠮᠵᠢ ᠶᠢᠨ ᠳ᠋ᠧᠩ ᠤᠨ ᠬᠡᠷᠡᠭᠰᠡᠯ ᠢ ᠬᠡᠷᠡᠭᠯᠡᠨ ᠦᠵᠡᠮᠵᠢ | ᠪᠦᠲᠦᠭᠡᠬᠦ᠂ ᠲᠣᠮᠣ ᠲᠠᠯᠠᠪᠠᠢ ᠪᠠ ᠲᠣᠮᠣ ᠤᠰᠤᠨ ᠤ ᠦᠵᠡᠮᠵᠢ ᠶᠢ ᠰᠣᠬᠤᠷ ᠪᠠᠯᠠᠢ ᠪᠠᠷ ᠪᠠᠶᠢᠭᠤᠯᠬᠤ ᠵᠡᠷᠭᠡ | ᠠᠷᠪᠢᠯᠠᠨ ᠭᠠᠮᠨᠠᠬᠤ ᠬᠡᠯᠪᠡᠷᠢ ᠶᠢᠨ ᠨᠣᠭᠤᠭᠠᠷᠠᠭᠤᠯᠤᠯᠲᠠ ᠶᠢᠨ ᠱᠠᠭᠠᠷᠳᠠᠯᠭ᠎ᠠ ᠳᠤ ᠦᠯᠦ ᠨᠡᠶᠢᠴᠡᠬᠦ ᠠᠷᠭ᠎ᠠ ᠬᠢᠳᠡᠯ ᠢ | ᠡᠬᠢ ᠰᠤᠷᠪᠤᠯᠵᠢ ᠠᠴᠠ ᠨᠢ ᠬᠢᠵᠠᠭᠠᠷᠯᠠᠬᠤ ᠬᠡᠷᠡᠭᠲᠡᠢ︔ ᠨᠤᠲᠤᠭ ᠤᠨ ᠮᠣᠳᠣᠨ ᠤ ᠲᠦᠷᠦᠯ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠤᠤᠯ ᠤᠨ ᠪᠠᠶᠢᠭᠰᠠᠨ ᠲᠥᠬᠦᠭᠡᠷᠦᠮᠵᠢ ᠪᠠ ᠤᠷᠭᠤᠮᠠᠯ ᠤᠨ ᠪᠦᠷᠬᠦᠴᠡ ᠶᠢ | ᠠᠰᠢᠭᠯᠠᠵᠤ᠂ ᠴᠢᠳᠠᠬᠤ ᠶᠢᠨ ᠳᠣᠲᠣᠷ᠎ᠠ ︽ᠪᠠᠭ᠎ᠠ ᠵᠣᠭᠤᠰ ᠵᠠᠷᠤᠴᠠᠭᠤᠯᠵᠤ᠂ ᠶᠡᠭᠡ ᠶᠠᠪᠤᠳᠠᠯ ᠪᠦᠲᠦᠭᠡᠬᠦ︾ ᠶᠢ | ᠪᠡᠶᠡᠯᠡᠭᠦᠯᠬᠦ ᠬᠡᠷᠡᠭᠲᠡᠢ᠃ ᠬᠤᠶᠠᠷ ᠲᠤ ᠪᠣᠳᠠᠲᠠᠢ ᠶᠢ ᠡᠷᠬᠢᠮᠯᠡᠬᠦ ᠴᠢᠨᠠᠷ ᠢ ᠲᠤᠪᠤᠶᠢᠯᠭᠠᠵᠤ᠂ ᠦᠯᠡᠳᠡᠭᠡᠯ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠎ᠠ᠃ ᠨᠣᠭᠤᠭᠠᠷᠠᠭᠤᠯᠤᠯᠲᠠ ᠶᠢᠨ ᠪᠦᠰᠡ ᠶᠢᠨ | ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠦᠯᠭᠡ ᠭᠠᠵᠠᠷ ᠢ ᠡᠵᠡᠯᠡᠬᠦ᠂ ᠡᠪᠳᠡᠬᠦ | ᠪᠠ ᠵᠦᠯᠭᠡ ᠭᠠᠵᠠᠷ ᠤᠨ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠵᠦᠯᠭᠡ ᠭᠠᠵᠠᠷ ᠢ ᠡᠪᠳᠡᠬᠦ | ᠦᠶ᠋ᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ︔ ᠣᠲᠣ ᠶᠢᠨ ᠪᠠᠶᠢᠭ᠎ᠠ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠴᠡᠴᠡᠷᠯᠢᠭ ᠤᠨ ᠮᠣᠳᠣ ᠶᠢ | ᠳᠤᠷ᠎ᠠ ᠪᠠᠷ ᠢᠶᠠᠨ ᠣᠭᠲᠣᠯᠬᠤ᠂ ᠰᠢᠯᠵᠢᠭᠦᠯᠦᠨ ᠤᠷᠭᠤᠭᠤᠯᠬᠤ᠂ ᠮᠣᠳᠣᠨ ᠤ ᠲᠥᠷᠥᠯ ᠢ ᠰᠣᠬᠤᠷ ᠪᠠᠯᠠᠢ ᠪᠠᠷ | ᠰᠣᠯᠢᠬᠤ᠂ ᠵᠠᠮ ᠳᠠᠭᠠᠭᠰᠠᠨ ᠮᠣᠳᠣ ᠶᠢ ᠳᠤᠷ᠎ᠠ ᠪᠠᠷ ᠢᠶᠠᠨ ᠣᠭᠲᠣᠯᠬᠤ ᠪᠠ ᠰᠢᠯᠵᠢᠭᠦᠯᠦᠨ ᠤᠷᠭᠤᠭᠤᠯᠬᠤ ᠶᠢ | ᠴᠢᠩᠭ᠎ᠠ ᠴᠠᠭᠠᠵᠠᠯᠠᠨ᠎ᠠ᠃ ᠭᠤᠷᠪᠠ ᠳᠤ ᠲᠤᠰᠬᠠᠶᠢᠵᠢᠭᠤᠯᠬᠤ᠂ ᠨᠠᠷᠢᠯᠢᠭᠵᠢᠭᠤᠯᠬᠤ᠂ ᠣᠶᠤᠨᠴᠢᠯᠠᠬᠤ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠨ᠎ᠠ᠃ ᠴᠡᠴᠡᠷᠯᠢᠭ ᠤᠨ ᠠᠷᠠᠴᠢᠯᠠᠨ ᠬᠠᠮᠠᠭᠠᠯᠠᠬᠤ ᠲᠤᠰᠬᠠᠢ ᠮᠡᠷᠭᠡᠵᠢᠯ ᠤᠨ | ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ︽ | ᠪᠠᠶᠢᠭᠤᠯᠬᠤ ᠶᠢ ᠴᠢᠬᠤᠯᠠᠴᠢᠯᠠᠵᠤ ᠬᠠᠮᠢᠶᠠᠷᠬᠤ ᠶᠢ ᠬᠥᠩᠭᠡᠪᠴᠢᠯᠡᠬᠦ᠂ ᠪᠠᠶᠢᠭᠤᠯᠬᠤ ᠠᠴᠠ ᠪᠢᠰᠢ ᠬᠠᠮᠢᠶᠠᠷᠬᠤ ᠦᠭᠡᠢ︾ | ᠪᠠᠶᠢᠬᠤ ᠦᠵᠡᠭᠳᠡᠯ ᠢ ᠴᠢᠩᠭ᠎ᠠ ᠴᠠᠭᠠᠵᠠᠯᠠᠨ᠎ᠠ᠃ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ | ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠨᠣᠭᠤᠭᠠᠷᠠᠭᠤᠯᠤᠯᠲᠠ ᠵᠢᠴᠢ ᠠᠷᠠᠴᠢᠯᠠᠨ ᠬᠠᠮᠠᠭᠠᠯᠠᠬᠤ ᠲᠥᠷᠥᠯ | ᠵᠦᠢᠯ ᠳᠤ ᠪᠥᠬᠦ ᠶᠠᠪᠤᠴᠠ ᠶᠢᠨ ᠲᠥᠰᠥᠪ ᠤᠨ ᠠᠵᠢᠯ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠵᠦᠢ ᠵᠣᠬᠢᠰ ᠦᠭᠡᠢ ᠵᠠᠷᠤᠯᠭ᠎ᠠ ᠶᠢ ᠪᠠᠭᠤᠷᠠᠭᠤᠯᠤᠨ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠪᠠ ᠨᠣᠭᠤᠭᠠᠷᠠᠭᠤᠯᠤᠯᠲᠠ ᠶᠢᠨ ᠪᠠᠶᠢᠭᠤᠯᠵᠤ ᠠᠷᠠᠴᠢᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | |