| 7 ᠰᠠᠷ᠎ᠠ ᠶᠢᠨ 11 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠵᠠᠩ ᠴᠦᠨ ᠬᠤᠢ ᠦᠨᠯᠵᠡᠶᠢᠮᠦᠷᠡᠨ ᠰᠤᠮᠤᠨ ᠳᠤ ᠬᠦᠷᠴᠦ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠦᠶᠡᠷ ᠢ ᠰᠡᠷᠭᠡᠶᠢᠯᠡᠬᠦ ᠵᠡᠷᠭᠡ ᠣᠳᠣᠬᠠᠨ ᠤ | ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠵᠠᠩ ᠴᠦᠨ ᠬᠤᠢ ᠴᠢᠬᠤᠯᠠᠴᠢᠯᠠᠭᠰᠠᠨ | ᠨᠢ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ | ᠠᠵᠢᠯᠯᠠᠭᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ︽ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ︾ ᠶᠢᠨ ᠤᠯᠠᠨ ᠲᠦᠮᠡᠨ ᠲᠠᠢ | ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠣᠳᠣᠬᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠰᠤᠳᠤᠯᠤᠨ ᠮᠠᠭᠠᠳᠯᠠᠵᠤ᠂ ᠪᠦᠷᠢᠨ ᠭᠦᠢᠴᠡᠳ ᠪᠡᠯᠡᠳᠬᠡᠯ ᠢ ᠬᠢᠵᠦ᠂ ᠦᠶᠡᠷ ᠤᠨ ᠬᠤᠭᠤᠴᠠᠭ᠎ᠠ ᠶᠢ ᠠᠮᠤᠷ | ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | | |