| ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠬᠢᠨ ᠭᠠᠵᠠᠷ ᠣᠷᠣᠨ ᠤ ᠣᠨᠴᠠᠯᠢᠭ᠂ ᠡᠬᠢ ᠪᠠᠶᠠᠯᠢᠭ ᠤᠨ | ᠳᠠᠪᠠᠭᠤᠯᠢᠭ ᠪᠠ ᠤᠯᠠᠮᠵᠢᠯᠠᠯᠲᠤ ᠲᠡᠵᠢᠭᠡᠪᠦᠷᠢ ᠶᠢᠨ ᠰᠠᠭᠤᠷᠢ ᠳᠠᠭᠠᠨ ᠰᠠᠭᠤᠷᠢᠯᠠᠵᠤ᠂ ᠠᠯᠠᠰᠢᠨ ᠦᠬᠡᠷ ᠤᠨ ᠠᠵᠤ | ᠦᠢᠯᠡᠰ ᠤᠨ ᠬᠥᠭᠵᠢᠯᠲᠡ ᠶᠢ ᠶᠡᠬᠡᠪᠡᠷ ᠬᠥᠲᠥᠯᠥᠨ ᠵᠢᠯᠤᠭᠤᠳᠬᠤ ᠪᠠ ᠳᠡᠮᠵᠢᠵᠦ᠂ ︽ᠪᠠᠭ᠎ᠠ ᠬᠡᠪᠴᠢᠶᠡᠨ ᠤ᠂ ᠲᠣᠮᠣ | ᠬᠠᠮᠲᠤᠯᠢᠭ︾ ᠤᠨ ᠲᠡᠵᠢᠭᠡᠪᠦᠷᠢ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠦᠨ᠂ ᠴᠢᠨᠠᠷ ᠰᠠᠶᠢᠲᠠᠢ | ᠲᠡᠵᠢᠭᠡᠪᠦᠷᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠮᠠᠯᠴᠢᠨ ᠲᠠᠷᠢᠶᠠᠴᠢᠨ ᠤ ᠡᠭᠦᠯᠳᠡᠷ ᠰᠠᠶᠢᠵᠢᠷᠠᠭᠤᠯᠬᠤ ᠶᠢ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ | ᠦᠬᠡᠷ ᠤᠨ ᠠᠵᠤ ᠦᠢᠯᠡᠰ ᠢ ᠲᠤᠭ᠎ᠠ ᠬᠡᠮᠵᠢᠶᠡᠨ ᠤ ᠬᠡᠯᠪᠡᠷᠢ ᠠᠴᠠ ᠦᠷ᠎ᠡ ᠠᠰᠢᠭ ᠤᠨ ᠬᠡᠯᠪᠡᠷᠢ ᠳᠠᠰᠢ | ᠬᠤᠪᠢᠷᠠᠭᠤᠯᠬᠤ ᠶᠢ ᠠᠬᠢᠭᠤᠯᠤᠨ᠂ ᠪᠥᠬᠦ ᠬᠤᠰᠢᠭᠤᠨ ᠤ ᠠᠯᠠᠰᠢᠨ ᠦᠬᠡᠷ ᠤᠨ ᠬᠡᠮᠵᠢᠶ᠎ᠡ ᠶᠢ ᠥᠷᠭᠡᠳᠬᠡᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠰᠢᠯᠢᠳᠡᠭ | ᠡᠭᠦᠯᠳᠡᠷ ᠲᠤ ᠲᠦᠰᠢᠭᠯᠡᠨ ᠴᠢᠨᠡᠭᠡᠯᠢᠭᠵᠢᠬᠦ ᠵᠠᠮ ᠢᠶᠠᠷ ᠵᠠᠮᠨᠠᠬᠤ ᠶᠢ ᠳᠠᠶᠢᠴᠢᠯᠠᠪᠠ᠃ | | | ᠵᠤᠨ ᠤ ᠦᠳᠡ ᠶᠢᠨ ᠬᠤᠶᠢᠨ᠎ᠠ᠂ ᠣᠷᠢᠨ ᠳᠣᠯᠠᠭᠠᠨ᠂ ᠰᠢᠶᠠᠩᠱᠠᠨ ᠪᠠᠯᠭᠠᠰᠤᠨ ᠤ ᠰᠢᠨ ᠬᠤᠸᠠ | ᠲᠡᠵᠢᠭᠡᠪᠦᠷᠢ ᠶᠢᠨ ᠬᠤᠷᠰᠢᠶᠠᠨ ᠤ ᠦᠬᠡᠷ ᠤᠨ ᠬᠠᠰᠢᠶᠠᠨ ᠳᠤ᠂ ᠲᠠᠷᠭᠤ ᠬᠦᠴᠦ ᠰᠠᠶᠢᠲᠠᠢ᠂ ᠦᠬᠡᠷ ᠤᠨ ᠦᠰᠦ | ᠬᠢᠯᠭᠠᠰᠤ ᠨᠢ ᠭᠢᠯᠲᠦᠭᠡᠨᠡᠭᠰᠡᠨ ᠵᠠᠭᠤ ᠭᠠᠷᠤᠢ ᠡᠭᠦᠯᠳᠡᠷ ᠰᠠᠶᠢᠵᠢᠷᠠᠭᠤᠯᠤᠭᠰᠠᠨ ᠦᠬᠡᠷ ᠬᠤᠭᠤᠰᠤᠨ ᠭᠠᠵᠠᠷ ᠲᠤ | ᠨᠡᠷᠡᠨ ᠳᠤ ᠡᠭᠡᠭᠡᠵᠦ ᠪᠠᠶᠢᠯ᠎ᠠ᠃ ᠦᠬᠡᠷ ᠪᠣᠯᠭᠠᠨ ᠤ ᠴᠢᠬᠢᠨ ᠳᠤ ᠰᠢᠷ᠎ᠠ ᠥᠩᠭᠡ ᠲᠠᠢ ᠺᠠᠷᠲ ᠡᠯᠭᠦᠭᠰᠡᠨ ᠨᠢ | ᠬᠥᠮᠥᠰ ᠤᠨ ᠠᠩᠬᠠᠷᠤᠯ ᠢ ᠣᠨᠴᠠ ᠲᠠᠲᠠᠳᠠᠭ᠃ ︽ᠡᠨᠡ ᠪᠣᠯ ᠳᠠᠷᠤᠢ ᠦᠬᠡᠷ ᠤᠨ ︿ᠪᠡᠶ᠎ᠡ ᠶᠢᠨ ᠦᠨᠡᠮᠯᠡᠯ﹀ ᠮᠥᠨ᠂ | ᠦᠬᠡᠷ ᠨᠢᠭᠡᠪᠦᠷᠢ ᠶᠢᠨ ᠥᠰᠴᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠲᠡᠮᠳᠡᠭᠯᠡᠨ ᠬᠢᠨᠠᠨ ᠡᠵᠡᠮᠳᠡᠵᠦ ᠪᠣᠯᠬᠤ | ᠪᠥᠭᠡᠳ ᠦᠬᠡᠷ ᠨᠢᠭᠡᠪᠦᠷᠢ ᠶᠢᠨ ᠴᠢᠰᠤᠨ ᠤᠳᠤᠮ ᠤᠨ ᠨᠠᠷᠢᠨ ᠲᠣᠳᠣᠷᠬᠠᠢ ᠪᠠᠶᠢᠳᠠᠯ ᠢ ᠪᠠᠶᠢᠴᠠᠭᠠᠨ ᠣᠯᠵᠤ ᠪᠣᠯᠣᠨ᠎ᠠ᠃ | ︾ ᠭᠡᠵᠦ ᠬᠤᠷᠰᠢᠶ᠎ᠠ ᠶᠢᠨ ᠬᠠᠷᠢᠭᠤᠴᠠᠯᠭᠠᠲᠠᠨ ᠼᠠᠢ ᠭᠤᠸᠠᠩ ᠬᠤᠸᠠ ᠬᠡᠯᠡᠪᠡ᠃ | | | ︽ᠲᠡᠭᠦᠨ ᠤ ᠠᠯᠠᠰᠢᠨ ᠦᠬᠡᠷ ᠤᠨ ᠮᠢᠬ᠎ᠠ ᠨᠢ ᠦᠨᠡᠳᠡᠢ ᠪᠥᠭᠡᠳ ᠤᠷᠭᠤᠴᠠ ᠨᠢ ᠴᠦ ᠬᠤᠷᠳᠤᠨ ᠪᠠᠶᠢᠳᠠᠭ᠃︾ | ᠼᠠᠢ ᠭᠤᠸᠠᠩ ᠬᠤᠸᠠ ᠶᠢᠨ ᠡᠭᠦᠯᠳᠡᠷ ᠰᠠᠶᠢᠵᠢᠷᠠᠭᠤᠯᠤᠭᠰᠠᠨ ᠦᠬᠡᠷ ᠢ ᠳᠤᠷᠠᠳᠬᠤ ᠳᠤ᠂ ᠲᠣᠰᠬᠤᠨ ᠤ ᠡᠷᠬᠢᠨ | ᠲᠣᠭᠤᠷᠢᠨ ᠤ ᠠᠬ᠎ᠠ ᠳᠡᠭᠦᠦ ᠨᠠᠷ ᠴᠥᠮ ᠮᠠᠭᠲᠠᠨ ᠰᠠᠶᠢᠰᠢᠶᠠᠪᠠ᠃ 2020 ᠣᠨ ᠠᠴᠠ ᠡᠬᠢᠯᠡᠨ᠂ ᠼᠠᠢ ᠭᠤᠸᠠᠩ | ᠬᠤᠸᠠ ᠦᠬᠡᠷ ᠢᠶᠠᠨ ᠡᠭᠦᠯᠳᠡᠷ ᠰᠠᠶᠢᠵᠢᠷᠠᠭᠤᠯᠵᠤ᠂ ᠮᠠᠯ ᠰᠦᠷᠦᠭ ᠤᠨ ᠡᠭᠦᠯᠳᠡᠷ ᠢᠶᠠᠨ ᠠᠯᠬᠤᠮ ᠠᠯᠬᠤᠮ ᠢᠶᠠᠷ | ᠰᠢᠯᠢᠳᠡᠭᠵᠢᠭᠦᠯᠵᠦ᠂ ᠢᠴᠡᠭᠡᠯ ᠦᠷ᠎ᠡ ᠪᠠᠷ ᠬᠡᠭᠡᠯᠲᠦᠭᠦᠯᠬᠦ ᠮᠡᠷᠭᠡᠵᠢᠯ ᠢᠶᠠᠷ ᠨᠣᠲᠤᠭ ᠤᠨ ᠦᠬᠡᠷ ᠢᠶᠠᠨ ᠠᠯᠬᠤᠮ | ᠠᠯᠬᠤᠮ ᠢᠶᠠᠷ ᠡᠭᠦᠯᠳᠡᠷ ᠰᠠᠶᠢᠵᠢᠷᠠᠭᠤᠯᠵᠤ᠂ ᠲᠡᠵᠢᠭᠡᠪᠦᠷᠢ ᠶᠢᠨ ᠵᠠᠭᠪᠤᠷ ᠢ ᠴᠤ ᠤᠤᠯ ᠤᠨ ᠤᠯᠠᠮᠵᠢᠯᠠᠯᠲᠤ | ᠪᠦᠳᠦᠭᠦᠯᠢᠭ ᠬᠡᠯᠪᠡᠷᠢ ᠶᠢᠨ ᠡᠵᠡᠩᠨᠡᠯᠲᠡ ᠠᠴᠠ ᠤᠳᠤ ᠶᠢᠨ ᠣᠳᠣᠬᠢᠴᠢᠯᠠᠭᠰᠠᠨ ᠨᠠᠷᠢᠯᠢᠭ ᠡᠵᠡᠩᠨᠡᠯᠲᠡ ᠲᠡᠰᠢ | ᠬᠤᠪᠢᠷᠠᠭᠤᠯᠪᠠ᠃ ᠼᠠᠢ ᠭᠤᠸᠠᠩ ᠬᠤᠸᠠ ᠲᠠᠨᠢᠯᠴᠠᠭᠤᠯᠬᠤ ᠳᠠᠭᠠᠨ᠂ ︽ᠨᠣᠲᠤᠭ ᠤᠨ ᠦᠬᠡᠷ ᠪᠣᠯᠣᠨ ᠰᠠᠶᠢᠨ | ᠡᠭᠦᠯᠳᠡᠷ ᠤᠨ ᠦᠬᠡᠷ ᠦᠨ᠎ᠡ ᠬᠠᠩᠰᠢ ᠶᠢᠨ ᠲᠠᠯ᠎ᠠ ᠪᠠᠷ ᠮᠠᠰᠢ ᠶᠡᠭᠡ ᠵᠥᠷᠢᠶ᠎ᠡ ᠲᠠᠢ ᠪᠠᠶᠢᠳᠠᠭ᠂ ᠰᠢᠮᠧᠨ᠋ᠲ᠋ᠠᠷ ᠦᠬᠡᠷ ᠢ | ᠲᠡᠵᠢᠭᠡᠬᠦ ᠳᠤᠷᠠᠲᠠᠢ ᠪᠠᠶᠢᠳᠠᠭ ᠤᠨ ᠭᠤᠣᠯ ᠰᠢᠯᠲᠠᠭᠠᠨ ᠨᠢ ᠬᠠᠰᠢ ᠯᠠ ᠠᠰᠢᠭ ᠣᠯᠵᠠ ᠥᠨᠳᠥᠷ ᠪᠠᠶᠢᠳᠠᠭ ᠠᠴᠠ | ᠪᠣᠯᠵᠠᠢ᠂ ᠡᠩ ᠤᠨ ᠦᠬᠡᠷ ᠢ ᠲᠡᠵᠢᠭᠡᠬᠦ ᠲᠠᠢ ᠠᠳᠠᠯᠢᠳᠬᠠᠪᠠᠯ ᠠᠰᠢᠭ ᠣᠯᠵᠠ ᠨᠢ ᠨᠢᠭᠡ ᠳᠠᠬᠢᠨ ᠢᠯᠡᠭᠦᠦ︾ ᠭᠡᠪᠡ᠃ | ︽ᠭᠠᠳᠠᠭᠠᠳᠤ ᠠᠴᠠ ᠣᠷᠣᠭᠤᠯᠬᠤ ᠪᠠ ᠢᠴᠡᠭᠡᠯ ᠥᠷ᠎ᠡ ᠪᠠᠷ ᠬᠡᠭᠡᠯᠲᠦᠭᠦᠯᠭᠡ ᠬᠢᠵᠦ ᠰᠠᠶᠢᠵᠢᠷᠠᠭᠤᠯᠬᠤ ᠪᠠᠷ | ᠳᠠᠮᠵᠢᠨ ᠠᠯᠠᠰᠢᠨ ᠦᠬᠡᠷ ᠤᠨ ᠬᠡᠭᠡᠯᠲᠦᠭᠦᠯᠭᠡ ᠶᠢᠨ ᠨᠣᠷᠮ᠎ᠠ ᠪᠣᠯᠣᠨ ᠤᠨᠳᠤᠷᠤᠯᠲᠠ ᠶᠢᠨ ᠨᠣᠷᠮ᠎ᠠ ᠢᠯᠡᠳᠲᠡ | ᠥᠨᠳᠥᠷ ᠪᠣᠯᠵᠤ᠂ ᠪᠣᠷᠣᠯᠠᠭᠤᠯᠬᠤ ᠳᠤ ᠵᠣᠪᠠᠭ᠋ᠤ ᠦᠭᠡᠢ ᠮᠥᠷᠲᠡᠭᠡᠨ ᠦᠨ᠎ᠡ ᠨᠢ ᠴᠦ ᠨᠡᠩ ᠥᠨᠳᠥᠷ ᠪᠣᠯᠵᠤ᠂ | ᠣᠳᠣ ᠮᠠᠨ ᠤ ᠭᠡᠷ ᠤᠨ ᠲᠤᠭᠤᠯ ᠨᠢᠭᠡᠪᠦᠷᠢ ᠶᠢ ᠴᠥᠮ ᠲᠦᠮᠡ ᠭᠠᠷᠤᠢ ᠲᠥᠭᠦᠷᠢᠭ ᠢᠶᠠᠷ ᠬᠤᠳᠠᠯᠳᠣᠬᠤ ᠪᠣᠯᠵᠠᠢ᠂ | ᠡᠨᠡ ᠵᠢᠯ ᠤᠨ ᠣᠷᠣᠯᠭ᠎ᠠ 20 ᠲᠦᠮᠡᠨ ᠲᠥᠭᠦᠷᠢᠭ ᠲᠤ ᠬᠦᠷᠬᠦ ᠪᠣᠯᠣᠨ᠎ᠠ ᠭᠡᠪᠡ᠃︾ ᠼᠠᠢ ᠭᠤᠸᠠᠩ ᠬᠤᠸᠠ | ᠢᠨᠢᠶᠡᠮᠰᠦᠭᠯᠡᠨ᠄ ︽ᠲᠦᠷᠦᠭᠦᠬᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ ᠪᠠᠰᠠ | ᠪᠢᠳᠡᠨ ᠳᠤ ᠲᠥᠷᠥᠯ ᠵᠦᠢᠯ ᠤᠨ ᠨᠥᠬᠦᠪᠦᠷᠢ ᠣᠯᠭᠤᠵᠤ᠂ ᠮᠠᠨ ᠤ ᠦᠬᠡᠷ ᠲᠡᠵᠢᠭᠡᠬᠦ ᠢᠲᠡᠭᠡᠯ ᠵᠣᠷᠢᠭ ᠢ ᠤᠯᠠᠮ | ᠬᠥᠪᠴᠢᠯᠡᠵᠦ᠂ ᠲᠤᠭᠤᠯ ᠡᠳᠦᠷ ᠠᠴᠠ ᠡᠳᠦᠷ ᠲᠠᠷᠭᠤ ᠰᠠᠶᠢᠲᠠᠢ ᠦᠰᠦᠨ ᠪᠣᠶᠢᠵᠢᠬᠤ ᠶᠢ ᠬᠠᠷᠠᠭᠠᠳ᠂ ᠠᠮᠢᠳᠤᠷᠠᠯ | ᠴᠦ ᠶᠠᠪᠤᠬᠤ ᠲᠤᠲᠤᠮ ᠥᠭᠡᠳᠡ ᠲᠠᠢ ᠪᠣᠯᠵᠤ ᠪᠠᠶᠢᠨ᠎ᠠ︾ ᠭᠡᠪᠡ᠃ ᠡᠭᠦᠯᠳᠡᠷ ᠰᠠᠶᠢᠵᠢᠷᠠᠭᠤᠯᠣᠭᠰᠠᠨ ᠼᠠᠢ ᠭᠤᠸᠠᠩ | ᠬᠤᠸᠠ ᠠᠰᠢᠭ ᠭᠥᠷᠳᠡᠵᠦ᠂ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠣᠷᠣᠯᠭ᠎ᠠ ᠨᠢ ᠴᠦ ᠲᠡᠵᠢᠭᠡᠬᠦ ᠬᠡᠪᠴᠢᠶ᠎ᠡ ᠪᠠᠨ | ᠦᠷᠭᠦᠯᠵᠢᠯᠡᠨ ᠥᠷᠭᠡᠳᠬᠡᠬᠦ ᠢᠲᠡᠭᠡᠯ ᠵᠣᠷᠢᠭ ᠢ ᠨᠢ ᠤᠯᠠᠮ ᠪᠠᠲᠣᠳᠬᠠᠪᠠ᠃ ︽ᠨᠡᠩ ᠣᠯᠠᠨ ᠲᠡᠵᠢᠭᠡᠪᠦᠷᠢ ᠶᠢᠨ | ᠡᠷᠦᠬᠡ ᠳᠤ ᠦᠯᠢᠭᠡᠷ ᠵᠢᠱᠢᠶ᠎ᠡ ᠦᠵᠡᠭᠦᠯᠵᠦ᠂ ᠲᠡᠲᠡᠨ ᠢ ᠳᠠᠶᠢᠴᠢᠯᠠᠵᠤ ᠪᠠᠶᠢᠭᠠᠳ ᠡᠭᠦᠯᠳᠡᠷ ᠰᠠᠶᠢᠵᠢᠷᠠᠭᠤᠯᠬᠤ ᠳᠤ | ᠣᠷᠣᠯᠴᠠᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠵᠠᠮ ᠢ ᠬᠠᠮᠲᠤ ᠪᠠᠷ ᠥᠷᠭᠡᠳᠬᠡᠬᠦ ᠶᠢ ᠬᠦᠰᠡᠵᠦ ᠪᠠᠶᠢᠨ᠎ᠠ᠃︾ | ᠭᠡᠵᠦ ᠼᠠᠢ ᠭᠤᠸᠠᠩ ᠬᠤᠸᠠ ᠬᠡᠯᠡᠪᠡ᠃ | | | ᠡᠭᠦᠯᠳᠡᠷ ᠰᠣᠩᠭᠤᠬᠤ ᠪᠣᠶᠢᠵᠢᠭᠤᠯᠬᠤ ᠪᠣᠯ ᠵᠠᠩᠭᠢᠯᠠᠭ᠎ᠠ ᠮᠥᠨ᠂ ᠭᠡᠪᠡᠴᠦ ᠦᠬᠡᠷ ᠤᠳ ᠤᠨ ᠲᠠᠷᠭᠤ ᠰᠠᠶᠢᠲᠠᠢ | ᠦᠰᠦᠨ ᠪᠣᠶᠢᠵᠢᠬᠤ ᠨᠢ ᠼᠠᠢ ᠭᠤᠸᠠᠩ ᠬᠤᠸᠠ ᠶᠢᠨ ᠨᠠᠷᠢᠨ ᠨᠢᠮᠪᠠᠢ ᠬᠠᠷᠠᠭᠠᠯᠵᠠᠯ ᠠᠴᠠ ᠰᠠᠯᠵᠤ ᠴᠢᠳᠠᠬᠤ ᠦᠭᠡᠢ | ᠶᠤᠮ᠃ ᠼᠠᠢ ᠭᠤᠸᠠᠩ ᠬᠤᠸᠠ ᠡᠳᠦᠷ ᠪᠦᠷᠢ ᠬᠦᠷᠭᠡᠨ ᠵᠠᠩ ᠰᠢᠨ ᠲᠠᠢ ᠪᠠᠨ ᠥᠪᠡᠷ ᠤᠨ ᠡᠭᠦᠯᠳᠡᠷ | ᠰᠠᠶᠢᠵᠢᠷᠠᠭᠤᠯᠤᠭᠰᠠᠨ ᠦᠬᠡᠷ ᠢᠶᠠᠨ ᠢᠯᠢᠵᠦ ᠨᠤᠬᠤᠯᠠᠳᠠᠭ᠂ ᠼᠠᠢ ᠭᠤᠸᠠᠩ ᠬᠤᠸᠠ ᠲᠠᠨᠢᠯᠴᠠᠭᠤᠯᠬᠤ ᠳᠠᠭᠠᠨ᠄ ︽ | ᠢᠩᠭᠢᠪᠡᠯ ᠦᠬᠡᠷ ᠤᠨ ᠦᠰᠦ ᠬᠢᠯᠭᠠᠰᠤ ᠶᠢ ᠰᠠᠮᠨᠠᠵᠤ᠂ ᠦᠬᠡᠷ ᠤᠨ ᠴᠢᠰᠤᠨ ᠤ ᠡᠷᠭᠢᠯᠲᠡ ᠶᠢ ᠠᠬᠢᠭᠤᠯᠵᠤ | ᠴᠢᠳᠠᠬᠤ ᠪᠠᠷ ᠪᠠᠷᠠᠬᠤ ᠦᠭᠡᠢ ᠪᠠᠰᠠ ᠦᠬᠡᠷ ᠤᠨ ᠥᠩᠭᠡᠨ ᠲᠠᠯ᠎ᠠ ᠶᠢᠨ ᠰᠢᠮᠡᠭᠦᠷ ᠬᠤᠷᠣᠬᠠᠢ ᠶᠢ ᠠᠷᠢᠯᠭᠠᠵᠤ᠂ | ᠥᠰᠦᠯᠲᠡ ᠶᠢᠨ ᠬᠤᠷᠳᠤᠴᠠ ᠶᠢ ᠳᠡᠭᠡᠭᠰᠢᠯᠡᠭᠦᠯᠦᠨ᠂ ᠠᠷᠠᠰᠤᠨ ᠤ ᠡᠪᠡᠳᠴᠢᠨ ᠤ ᠡᠭᠦᠰᠬᠦ ᠶᠢ ᠪᠠᠭᠠᠰᠬᠠᠵᠤ᠂ | ᠦᠬᠡᠷ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠵᠤ ᠴᠢᠳᠠᠨ᠎ᠠ︾ ᠭᠡᠪᠡ᠃ | ᠭᠠᠷᠣᠯᠲᠠ ᠥᠨᠳᠥᠷ ᠪᠠ ᠴᠢᠨᠠᠷ ᠰᠠᠶᠢᠲᠠᠢ ᠪᠠᠶᠢᠬᠤ ᠨᠢ ᠶᠡᠷᠦ ᠠᠴᠠ ᠠᠯᠠᠰᠢᠨ ᠦᠬᠡᠷ ᠢ ᠦᠷᠡᠵᠢᠭᠦᠯᠦᠨ | ᠪᠣᠶᠢᠵᠢᠭᠤᠯᠬᠤ ᠶᠢᠨ ᠬᠠᠷᠠᠯᠲᠠ ᠪᠣᠯᠣᠭᠰᠠᠭᠠᠷ ᠢᠷᠡᠭᠰᠡᠨ ᠶᠤᠮ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ | ᠬᠢᠨ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ︵ᠡᠷᠦᠬᠡ︶ ᠤ ᠲᠦᠷᠦᠭᠦᠯᠡᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠶᠢᠨ ᠡᠭᠦᠯᠳᠡᠷ ᠣᠷᠣᠭᠤᠯᠬᠤ᠂ ᠡᠷᠯᠢᠰᠡᠵᠢᠭᠦᠯᠦᠨ | ᠰᠠᠶᠢᠵᠢᠷᠠᠭᠤᠯᠬᠤ᠂ ᠭᠠᠷ ᠬᠡᠭᠡᠯᠲᠦᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠠᠯᠠᠰᠢᠨ ᠦᠬᠡᠷ ᠤᠨ ᠡᠭᠦᠯᠳᠡᠷ | ᠰᠠᠶᠢᠵᠢᠷᠠᠭᠤᠯᠬᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠠᠯᠠᠰᠢᠨ | ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠠᠪᠲᠠᠷᠡᠭᠦᠯᠵᠦ᠂ | ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠤᠨ ᠨᠡᠮᠡᠭᠳᠡᠯ ᠤᠨ ᠬᠤᠷᠳᠤᠴᠠ ᠶᠢ ᠠᠬᠢᠭᠤᠯᠤᠨ᠂ ᠣᠯᠠᠨ ᠲᠦᠮᠡᠨ ᠤ | ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ ᠲᠣᠭᠲᠠᠭᠤᠨ ᠢᠶᠠᠷ ᠠᠬᠢᠭᠤᠯᠵᠤ ᠪᠠᠶᠢᠨ᠎ᠠ᠃ | | | ᠴᠢᠪᠠᠭᠠᠲᠤ ᠰᠤᠮᠤᠨ ᠤ ᠴᠢᠪᠠᠭᠠᠲᠤ ᠭᠠᠴᠠᠭᠠᠨ ᠤ ᠮᠠᠯᠴᠢᠨ ᠬᠤᠩ ᠦᠨᠡᠨᠪᠤᠶᠠᠨ ᠪᠣᠯ ᠬᠤᠯᠠ ᠣᠶᠢᠷ᠎ᠠ ᠳᠤ | ᠠᠯᠳᠠᠷᠰᠢᠭᠰᠠᠨ ᠦᠬᠡᠷ ᠲᠡᠵᠢᠭᠡᠬᠦ ︽ᠴᠢᠲᠠᠪᠣᠷᠢᠲᠠᠢ ᠬᠦᠮᠦᠨ︾ ᠪᠣᠯᠣᠨ᠎ᠠ᠂ ᠭᠡᠷ ᠲᠡᠭᠡᠨ 20 ᠭᠠᠷᠤᠢ ᠰᠢᠮᠧᠨ᠋ᠳᠡᠷ | ᠦᠬᠡᠷ ᠲᠡᠵᠢᠭᠡᠵᠦ᠂ ᠨᠢᠭᠡ ᠨᠢᠭᠡ ᠪᠠᠷ ᠢᠶᠠᠨ ᠲᠠᠷᠭᠤ ᠰᠠᠶᠢᠲᠠᠢ ᠪᠠᠶᠢᠳᠠᠭ᠃ ᠭᠠᠴᠠᠭᠠᠨ ᠤ ᠬᠢᠵᠢᠭ ᠰᠡᠷᠭᠡᠶᠢᠯᠡᠭᠴᠢ | ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ᠂ ᠲᠡᠷᠡ ᠭᠠᠴᠠᠭᠠᠨ ᠤ ᠮᠠᠯᠴᠢᠨ ᠲᠠᠷᠢᠶᠠᠴᠢᠨ ᠤ ᠦᠬᠡᠷ ᠤᠨ | ᠰᠦᠷᠦᠭ ᠤᠨ ᠡᠭᠦᠯᠳᠡᠷ ᠰᠠᠶᠢᠵᠢᠷᠠᠭᠤᠯᠬᠤ ᠳᠤ ᠬᠠᠪᠰᠤᠷᠤᠭᠰᠠᠨ ᠢᠶᠠᠷ ᠪᠠᠷᠠᠬᠤ ᠦᠭᠡᠢ᠂ ᠪᠠᠰᠠ ᠡᠷᠬᠢᠨ ᠲᠣᠭᠤᠷᠢᠨ ᠤ | ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ ᠳᠤ ᠢᠴᠡᠭᠡᠯ ᠦᠷ᠎ᠡ ᠪᠠᠷ ᠬᠡᠭᠡᠯᠲᠦᠭᠦᠯᠬᠦ ᠮᠡᠷᠭᠡᠵᠢᠯ ᠤᠨ ᠦᠢᠯᠡᠴᠢᠯᠡᠭᠡ | ᠬᠠᠩᠭᠠᠭᠰᠠᠨ ᠪᠠᠶᠢᠨ᠎ᠠ᠃ ︽ᠵᠢᠯ ᠪᠦᠷᠢ ᠪᠢ ᠬᠡᠳᠦᠨ ᠵᠠᠭᠤᠨ ᠤᠳᠠᠭ᠎ᠠ ᠭᠠᠷ ᠬᠡᠬᠡᠯᠳᠦᠭᠦᠯᠭᠡ ᠬᠢᠳᠡᠭ᠂ ᠬᠠᠮᠤᠭ ᠤᠨ | ᠶᠠᠭᠠᠷᠠᠤ ᠦᠶ᠎ᠡ ᠳᠤ ᠬᠠᠪᠤᠷ ᠪᠣᠯᠣᠨ᠎ᠠ᠂ ᠡᠳᠦᠷ ᠲᠤ 10 ᠭᠠᠷᠤᠢ ᠠᠯᠠᠰᠢᠨ ᠦᠬᠡᠷ ᠲᠤ ᠭᠠᠷ ᠬᠡᠬᠡᠯᠳᠦᠭᠦᠯᠭᠡ ᠬᠢᠳᠡᠭ | ᠃︾ ᠭᠡᠵᠦ ᠬᠤᠩ ᠦᠨᠡᠨᠪᠣᠶᠠᠨ ᠬᠡᠯᠡᠪᠡ᠃ | ᠲᠡᠵᠢᠭᠡᠬᠦ ᠡᠷᠦᠬᠡ ᠳᠤ ᠨᠡᠩ ᠰᠠᠶᠢᠨ ᠲᠠᠪᠴᠠᠩ ᠪᠠ ᠮᠡᠷᠭᠡᠵᠢᠯ ᠬᠠᠩᠭᠠᠬᠤ ᠶᠢᠨ ᠲᠥᠯᠥᠭᠡ᠂ ᠠᠯᠠᠰᠢᠨ ᠦᠬᠡᠷ | ᠲᠡᠵᠢᠭᠡᠬᠦ ᠦᠢᠯᠡᠰ ᠢ ᠶᠡᠬᠡᠪᠡᠷ ᠬᠥᠭᠵᠢᠭᠦᠯᠵᠦ᠂ ᠵᠠᠷᠤᠳ ᠬᠤᠰᠢᠭᠤᠨ ᠤ ᠡᠯ᠎ᠡ ᠭᠠᠵᠠᠷ ᠤᠨ ᠬᠢᠨ ᠲᠤᠬᠠᠢ ᠶᠢᠨ | ᠭᠠᠵᠠᠷ ᠤᠨ ᠲᠡᠵᠢᠭᠡᠬᠦ ᠡᠷᠦᠬᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠭᠠᠳᠠᠭᠰᠢ ᠭᠠᠷᠴᠤ ᠲᠤᠷᠰᠢᠯᠭ᠎ᠠ | ᠰᠤᠷᠤᠯᠴᠠᠭᠤᠯᠬᠤ ᠶᠢᠨ ᠬᠠᠮᠲᠤ᠂ ᠪᠠᠰᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠯ | ᠠᠵᠤ ᠠᠬᠤᠢ ᠶᠢᠨ ᠲᠥᠪ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯᠲᠡᠨ ᠢ ᠢᠳᠡᠪᠬᠢᠲᠡᠢ ᠤᠷᠢᠨ ᠪᠣᠯᠪᠠᠰᠤᠷᠠᠭᠤᠯᠵᠤ | ᠵᠢᠭᠠᠨ ᠵᠢᠯᠤᠭᠤᠳᠴᠤ᠂ ᠣᠷᠣᠭᠤᠯᠤᠨ ᠠᠪᠴᠢᠷᠠᠬᠤ ᠪᠠ ᠢᠴᠡᠭᠡᠯ ᠦᠷ᠎ᠡ ᠪᠠᠷ ᠬᠡᠭᠡᠯᠲᠦᠭᠦᠯᠬᠦ ᠬᠢᠬᠦ ᠶᠢ ᠵᠡᠷᠭᠡ ᠪᠠᠷ | ᠴᠢᠬᠤᠯᠠᠴᠢᠯᠠᠬᠤ ᠠᠷᠭ᠎ᠠ ᠬᠡᠯᠪᠡᠷᠢ ᠪᠠᠷ ᠳᠠᠮᠵᠢᠨ᠂ ᠰᠢᠯᠢᠳᠡᠭ ᠰᠢᠮᠧᠨ᠋ᠲ᠋ᠠᠷ ᠦᠬᠡᠷ ᠤᠨ ᠢᠴᠡᠭᠡᠯ ᠦᠷ᠎ᠡ ᠶᠢᠨ | ᠬᠥᠭᠵᠢᠯᠲᠡ ᠶᠢᠨ ᠰᠡᠳᠬᠢᠮᠵᠢ ᠶᠢ ᠶᠡᠭᠡ ᠪᠠᠷ ᠳᠡᠯᠭᠡᠷᠡᠭᠦᠯᠵᠦ᠂ ᠲᠡᠵᠢᠭᠡᠬᠦ ᠡᠷᠦᠬᠡ ᠶᠢᠨ ᠶᠠᠰᠤ ᠴᠢᠨᠠᠷ ᠢᠶᠠᠷ ᠨᠠᠩ ᠰᠠᠶᠢᠨ | ᠡᠭᠦᠯᠳᠡᠷ ᠲᠡᠵᠢᠭᠡᠬᠦ ᠶᠢ ᠬᠥᠲᠥᠯᠥᠨ ᠵᠢᠯᠤᠭᠤᠳᠴᠤ ᠬᠠᠪᠰᠤᠷᠴᠤ᠂ ᠲᠡᠵᠢᠭᠡᠬᠦ ᠦᠷ᠎ᠡ ᠠᠰᠢᠭ ᠢ ᠦᠷᠭᠦᠯᠵᠢᠯᠡᠨ | ᠨᠡᠮᠡᠭᠳᠡᠭᠦᠯᠪᠡ᠃ ᠵᠢᠯ ᠤᠨ ᠡᠬᠢᠨ ᠠᠴᠠ ᠨᠠᠰᠢ᠂ ᠪᠥᠬᠦ ᠬᠤᠰᠢᠭᠤᠨ ᠤ ᠰᠢᠯᠢᠳᠡᠭ ᠢᠴᠡᠭᠡᠯ ᠦᠷ᠎ᠡ ᠨᠡᠶᠢᠲᠡ 10.4 | ᠲᠦᠮᠡ ᠲᠠᠷᠬᠠᠭᠠᠵᠤ᠂ ᠪᠣᠳᠠᠲᠠᠢ ᠬᠡᠭᠡᠯᠲᠦᠭᠦᠯᠦᠭᠰᠡᠨ ᠡᠬᠡ ᠮᠠᠯ ᠤᠨ ᠲᠤᠭ᠎ᠠ 7.6 ᠲᠦᠮᠡ ᠪᠣᠯᠪᠠ᠂ ᠪᠣᠯᠪᠠᠰᠤᠷᠠᠯ ᠤᠨ | ᠠᠩᠭᠢ ᠶᠢ 14 ᠲᠠᠯᠠᠪᠤᠷ ᠡᠷᠬᠢᠯᠡᠵᠦ᠂ ᠡᠭᠦᠯᠳᠡᠷ ᠰᠠᠶᠢᠵᠢᠷᠠᠭᠤᠯᠤᠭᠴᠢ᠂ ᠲᠡᠵᠢᠭᠡᠬᠦ ᠲᠣᠮᠣ ᠡᠷᠦᠬᠡ ᠶᠢ 1300 | ᠬᠥᠮᠥᠨ ᠤᠳᠠᠭ᠎ᠠ ᠪᠣᠯᠪᠠᠰᠤᠷᠠᠭᠤᠯᠵᠤ᠂ ᠡᠷᠦᠬᠡ ᠪᠦᠷᠢ ᠳᠤᠮᠳᠠᠴᠢ 1000 ᠲᠥᠭᠦᠷᠢᠭ ᠠᠴᠠ ᠳᠡᠭᠡᠭᠰᠢ ᠣᠷᠣᠯᠭ᠎ᠠ | ᠨᠡᠮᠡᠭᠳᠡᠵᠦ᠂ ᠡᠬᠡ ᠮᠠᠯ ᠤᠨ ᠰᠠᠶᠢᠨ ᠡᠭᠦᠯᠳᠡᠷ ᠢᠶᠠᠷ ᠰᠠᠶᠢᠵᠢᠷᠠᠭᠤᠯᠣᠭᠰᠠᠨ ᠬᠠᠷᠢᠴᠠᠯ 90% ᠠᠴᠠ ᠳᠡᠭᠡᠭᠰᠢ ᠬᠦᠷᠴᠦ | ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ | ᠲᠠᠯᠪᠢᠭᠰᠠᠨ ᠪᠠᠶᠢᠨ᠎ᠠ᠃ | | | |