ᠬᠤᠰᠢᠭᠤᠨ ᠲᠠᠰ ᠤᠨ ᠭᠤᠣᠯ ᠤᠨ ᠠᠬᠠᠯᠠᠭᠴᠢ ᠳᠤ ᠲᠣᠬᠢᠷᠠᠭᠤᠯᠤᠯᠲᠠ ᠬᠢᠬᠦ ᠲᠤᠬᠠᠢ ᠵᠠᠷᠤᠳ ᠬᠤᠰᠢᠭᠤᠨ ᠤ ᠭᠤᠣᠯ ᠤᠨ  ᠠᠬᠠᠯᠠᠭᠴᠢ ᠶᠢᠨ ᠳᠦᠷᠢᠮ ᠤᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/7/14
  ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠡᠯ᠎ᠡ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠂ ᠯᠦᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠬᠡᠯᠲᠡᠰ ᠬᠤᠷᠢᠶ᠎ᠠ ᠠᠯᠪᠠᠨ ᠭᠡᠷ ᠲᠣᠪᠴᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠡᠯ᠎ᠡ ᠠᠷᠠᠳ ᠤᠨ ᠪᠦᠯᠬᠦᠮ᠂ ᠵᠠᠷᠣᠳ ᠲᠤ ᠰᠠᠭᠤᠭ᠎ᠠ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠳᠤ᠄    ᠠᠵᠢᠯ ᠤᠨ ᠬᠡᠷᠡᠭᠴᠡᠭᠡ ᠪᠣᠯᠣᠨ ᠬᠤᠰᠢᠭᠤᠨ ᠤ ᠤᠳᠤᠷᠢᠳᠤᠯᠭ᠎ᠠ ᠶᠢᠨ ᠠᠵᠢᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠬᠤᠰᠢᠭᠤᠨ ᠤ ᠲᠠᠰ ᠤᠨ ᠭᠤᠣᠯ ᠤᠨ ᠠᠬᠠᠯᠠᠭᠴᠢ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠠᠷᠠᠭᠠᠬᠢ ᠮᠡᠲᠦ ᠮᠡᠳᠡᠭᠳᠡᠶ᠎ᠡ᠄    ᠤᠤᠯ ᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠮᠢᠩ ᠴᠢᠶᠦ᠋ᠨ ᠤ ᠡᠭᠦᠷᠭᠡᠯᠡᠵᠦ ᠪᠠᠶᠢᠭᠰᠠᠨ ᠱᠧᠩ ᠯᠢ ᠾᠧ ᠭᠤᠣᠯ ᠤᠨ ᠠᠬᠠᠯᠠᠭᠴᠢ ᠶᠢᠨ ᠲᠤᠰᠢᠶᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ  ᠳᠤ ᠡᠭᠦᠷᠭᠡᠯᠡᠭᠦᠯᠪᠡ᠃    ᠤᠤᠯ ᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠶᠢᠨ ᠡᠭᠦᠷᠭᠡᠯᠡᠵᠦ ᠪᠠᠶᠢᠭᠰᠠᠨ ᠦᠯᠵᠡᠶᠢᠮᠦ᠋ᠷᠡᠨ ᠭᠤᠣᠯ ᠤᠨ ᠠᠬᠠᠯᠠᠭᠴᠢ ᠶᠢᠨ ᠲᠤᠰᠢᠶᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠳᠤ ᠡᠭᠦᠷᠭᠡᠯᠡᠭᠦᠯᠪᠡ ᠃    ᠤᠤᠯ ᠤᠨ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠤᠨ ᠡᠭᠦᠷᠭᠡᠯᠡᠵᠦ ᠪᠠᠶᠢᠭᠰᠠᠨ ᠪᠠᠶᠠᠨᠵᠢᠷᠦᠬᠡ ᠭᠤᠣᠯ ᠤᠨ ᠠᠬᠠᠯᠠᠭᠴᠢ ᠶᠢᠨ ᠲᠤᠰᠢᠶᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠳᠤ ᠡᠭᠦᠷᠭᠡᠯᠡᠭᠦᠯᠪᠡ ᠃    ᠤᠤᠯ ᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠤ ᠶᠢᠨ ᠡᠭᠦᠷᠭᠡᠯᠡᠵᠦ ᠪᠠᠶᠢᠭᠰᠠᠨ‌ᠠᠯᠢᠶ᠎ᠠ ᠶᠢᠨ ᠭᠤᠣᠯ᠂ ᠳᠡᠩᠬᠡᠯᠢᠭ ᠭᠤᠣᠯ ᠤᠨ ᠠᠬᠠᠯᠠᠭᠴᠢ ᠶᠢᠨ ᠲᠤᠰᠢᠶᠠᠯ ᠢ  ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ  ᠳᠤ ᠡᠭᠦᠷᠭᠡᠯᠡᠭᠦᠯᠪᠡ ᠃    ᠤᠤᠯ ᠤᠨ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠦ ᠲᠢᠶᠧ ᠮᠢᠨ ᠤ ᠡᠭᠦᠷᠭᠡᠯᠡᠵᠦ ᠪᠠᠶᠢᠭᠰᠠᠨ‌ᠦᠨᠡᠭᠡᠴᠢ ᠭᠤᠣᠯ ᠤᠨ ᠠᠬᠠᠯᠠᠭᠴᠢ ᠶᠢᠨ ᠲᠤᠰᠢᠶᠠᠯ ᠢ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠱᠠᠨ ᠬᠤᠸᠠ ᠴᠢ  ᠳᠤ ᠡᠭᠦᠷᠭᠡᠯᠡᠭᠦᠯᠪᠡ᠃            ᠵᠠᠷᠤᠳ ᠬᠤᠰᠢᠭᠤᠨ ᠤ ᠭᠤᠣᠯ  ᠤᠨ ᠠᠬᠠᠯᠠᠭᠴᠢ ᠶᠢᠨ ᠳᠦᠷᠢᠮ ᠤᠨ ᠠᠯᠪᠠᠨ ᠭᠡᠷ            2023 ᠣᠨ ᠤ 7 ᠰᠠᠷ᠎ᠠ ᠶᠢᠨ 7 ᠤ ᠡᠳᠦᠷ
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号